ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠲᠠᠢ ᠫᠢᠩ ᠳ᠋ᠢ ᠪᠠᠯᠭᠠᠰᠤᠨ ᠤ ᠤᠮᠠᠷᠠᠲᠤ ᠶᠢᠨ ᠬᠤᠷᠣᠬᠠᠶ ᠡᠪᠡᠰᠦᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/8/17
      8 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠰᠦᠩᠱᠠᠨ ᠲᠣᠭᠤᠷᠢᠭ ᠤᠨ ᠲᠠᠢ ᠫᠢᠩ ᠳ᠋ᠢ ᠪᠠᠯᠭᠠᠰᠤᠨ ᠤ ᠤᠮᠠᠷᠠᠲᠤ ᠶᠢᠨ ᠬᠤᠷᠣᠬᠠᠶ ᠡᠪᠡᠰᠦᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠹᠸᠢ ᠶᠠᠨ ᠪᠠᠷ᠎ᠠ ᠪᠣᠯᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠬᠦᠷᠢᠶᠡᠯᠡᠩ ᠲᠣᠭᠤᠷᠢᠭ ᠤᠨ ᠲᠤᠭᠲᠠᠮᠠᠯ ᠳᠤᠯᠠᠭᠠᠨ ᠤ ᠦᠢᠯᠡᠳᠪᠦᠷᠢᠯᠡᠯ ᠤᠨ ᠲᠠᠰᠤᠭ᠂ ᠮᠦᠬᠦ ᠶᠢᠨ ᠦᠷ᠎ᠡ ᠪᠤᠶᠢᠵᠢᠭᠤᠯᠬᠤ ᠲᠠᠰᠤᠭ᠂ ᠰᠢᠨ᠎ᠡ ᠰᠣᠷᠭᠤᠭ ᠪᠠᠶᠢᠯᠭᠠᠬᠤ ᠬᠥᠮᠥᠷᠭᠡ᠂ ᠬᠠᠲᠠᠭᠠᠬᠤ ᠲᠥᠪ ᠵᠡᠷᠭᠡ ᠶᠢ ᠲᠣᠭᠤᠷᠢᠨ ᠦᠵᠡᠵᠦ᠂ ᠬᠦᠷᠢᠶᠡᠯᠡᠩ ᠲᠣᠭᠤᠷᠢᠭ ᠤᠨ ᠬᠠᠷᠢᠭᠤᠴᠠᠯᠭᠠᠲᠠᠨ ᠤ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠴᠤ᠂ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ᠂ ᠡᠵᠡᠩᠨᠡᠯᠲᠡ᠂ ᠬᠠᠮᠢᠶᠠᠷᠤᠯᠲᠠ᠂ ᠦᠢᠯᠡᠳᠬᠦᠨ ᠤ ᠪᠣᠷᠣᠯᠠᠭᠤᠯᠭ᠎ᠠ ᠵᠡᠷᠭᠡ ᠪᠠᠶᠢᠳᠠᠯ ᠢ ᠣᠶᠢᠯᠠᠭᠠᠪᠠ᠃      ᠳᠠᠷᠠᠭᠠᠪᠠᠷ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠵᠢᠭᠠᠵᠤ ᠭᠠᠷᠭᠠᠭᠰᠠᠨ ᠨᠢ᠂ ᠨᠠᠷᠠᠲᠤ ᠲᠥᠷᠥᠯ ᠲᠡᠮᠳᠡᠭᠲᠦ ᠶᠢ ᠪᠤᠵᠠᠭᠠᠶᠢᠷᠠᠭᠤᠯᠤᠨ ᠳᠠᠭᠤᠷᠢᠰᠤᠭᠤᠯᠬᠤ ᠶᠢᠨ ᠵᠠᠩᠭᠢᠯᠠᠭ᠎ᠠ ᠨᠢ ᠰᠢᠨ᠎ᠡ ᠶᠢ ᠡᠭᠦᠳᠬᠦ ᠳᠤ ᠪᠣᠶ᠂ ᠬᠦᠷᠢᠶᠡᠯᠡᠩ ᠲᠣᠭᠤᠷᠢᠭ ᠤᠨ ᠬᠢᠨ ᠠᠵᠤ  ᠦᠢᠯᠡᠰ ᠤᠨ ᠬᠥᠭᠵᠢᠯᠲᠡ ᠶᠢᠨ ᠪᠣᠳᠠᠲᠤ ᠬᠡᠷᠡᠭᠴᠡᠭᠡ ᠲᠠᠢ ᠤᠶᠠᠯᠳᠤᠭᠤᠯᠤᠨ᠂ ᠳᠡᠭᠡᠳᠦ ᠳᠣᠤᠷᠠᠳᠤ ᠤᠷᠤᠰᠬᠠᠯ ᠤᠨ ᠠᠵᠤ ᠠᠬᠤᠶᠢᠯᠠᠯ ᠲᠠᠢ ᠬᠤᠯᠪᠣᠭᠠᠯᠠᠵᠤ᠂ ᠶᠡᠭᠡ ᠳᠡᠭᠡᠳᠦ ᠰᠤᠷᠭᠠᠭᠤᠯᠢ ᠯᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠪᠠᠨ ᠴᠢᠩᠭᠠᠳᠬᠠᠨ᠂ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠡᠭᠦᠳᠦᠨ ᠪᠠᠶᠢᠭᠤᠯᠵᠤ᠂ ᠠᠵᠤ ᠦᠢᠯᠡᠰ ᠤᠨ ᠨᠠᠩ ᠰᠠᠶᠢᠨ ᠨᠠᠩ ᠲᠦᠷᠭᠡᠨ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠶ᠃      ᠰᠢᠤᠢ ᠹᠸᠢ ᠶᠠᠨ ᠬᠤᠷᠠᠯ ᠳᠡᠭᠡᠷ᠎ᠡ ᠢᠯᠡᠷᠬᠡᠶᠢᠯᠡᠬᠦ ᠳᠡᠭᠡᠨ᠂ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤᠮᠠᠷᠠᠲᠤ ᠶᠢᠨ ᠬᠤᠷᠣᠬᠠᠶ ᠡᠪᠡᠰᠦᠨ ᠤ ᠤᠨᠴᠠᠯᠢᠭᠳᠤ ᠠᠵᠤ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠨ᠎ᠠ᠂ ᠲᠠᠢ ᠫᠢᠩ ᠳ᠋ᠢ ᠪᠠᠯᠭᠠᠰᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠨ᠂ ᠠᠵᠤ ᠦᠢᠯᠡᠰ ᠤᠨ ᠡᠯ᠎ᠡ ᠭᠤᠭᠴᠤᠭ᠎ᠠ ᠶᠢ ᠨᠠᠷᠢᠨ ᠨᠢᠮᠪᠠᠶ ᠲᠥᠯᠥᠪᠯᠡᠵᠦ᠂ ᠠᠵᠤ ᠦᠢᠯᠡᠰ ᠤᠨ ᠲᠥᠯᠥᠪᠵᠢᠭᠦᠯᠭᠡ ᠶᠢ ᠵᠢᠯ ᠳᠠᠷᠠᠭᠠᠯᠠᠨ ᠲᠣᠭᠲᠠᠭᠠᠵᠤ ᠨᠠᠶᠢᠳᠠᠪᠤᠷᠢᠵᠢᠭᠤᠯᠬᠤ ᠬᠡᠷᠡᠭᠲᠡᠶ᠃ ᠮᠦᠭᠳᠡᠨ ᠤ ᠲᠠᠷᠢᠶᠠᠯᠠᠩ ᠤᠨ ᠶᠡᠭᠡ ᠰᠤᠷᠭᠠᠭᠤᠯᠢ ᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠤᠳᠤᠷᠢᠳᠤᠯᠭ᠎ᠠ᠂ ᠲᠤᠰᠬᠠᠢ ᠮᠡᠷᠭᠡᠵᠢᠯᠲᠡᠨ ᠤ ᠰᠠᠨᠠᠯ ᠰᠠᠨᠠᠭᠤᠯᠭ᠎ᠠ ᠲᠠᠢ ᠤᠶᠠᠯᠳᠤᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠠᠷᠭ᠎ᠠ ᠵᠠᠮ ᠳᠤ ᠴᠠᠭ ᠲᠤᠬᠠᠢ ᠳᠤᠨᠢ ᠲᠤᠬᠢᠷᠠᠭᠤᠯᠤᠯᠳᠠ ᠬᠢᠵᠦ᠂ ᠡᠷᠬᠢᠨ ᠲᠣᠭᠤᠷᠢᠨ ᠤ ᠬᠦᠰᠡᠯ ᠡᠷᠡᠮᠡᠯᠵᠡᠯ ᠲᠠᠢ ᠰᠢᠶᠠᠩ ᠪᠠᠯᠭᠠᠰᠤ ᠶᠢ ᠲᠠᠶᠢᠴᠢᠯᠠᠨ ᠤᠮᠠᠷᠠᠲᠤ ᠶᠢᠨ ᠬᠤᠷᠣᠬᠠᠢ ᠡᠪᠡᠰᠦᠨ ᠤ ᠤᠨᠴᠠᠯᠢᠬᠳᠤ ᠠᠵᠤ ᠦᠢᠯᠡᠰ ᠢ ᠬᠠᠮᠲᠤᠪᠠᠷ ᠰᠠᠶᠢᠲᠤᠷ ᠬᠥᠭᠵᠢᠭᠦᠯᠬᠦ ᠪᠠᠷ ᠴᠢᠷᠮᠠᠶᠢᠵᠤ᠂ ᠠᠷᠠᠳ ᠤᠯᠠᠨ ᠤ ︽ᠠᠰᠢᠭ ᠣᠯᠵᠠᠪᠤᠷᠢ ᠲᠠᠢ︾ ᠪᠠᠶᠢᠬᠤ ᠶᠢ ᠪᠠᠲᠤᠯᠠᠵᠤ᠂ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠣᠶᠢᠯᠠᠭᠠᠭᠰᠠᠨ ᠢᠶᠠᠷ᠂ ᠲᠠᠢ ᠫᠢᠩ ᠳ᠋ᠢ ᠪᠠᠯᠭᠠᠰᠤᠨ ᠤ ᠬᠢᠨ ᠮᠦᠭᠳᠡᠨ ᠤ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠺᠠᠳᠧᠮᠢᠴᠢ ᠶᠢ ᠤᠷᠢᠵᠤ ᠤᠮᠠᠷᠠᠲᠤ ᠶᠢᠨ ᠬᠤᠷᠣᠬᠠᠶ ᠡᠪᠡᠰᠦᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠠᠺᠠᠳᠧᠮᠢᠴᠢ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ ᠪᠠᠶᠢᠭᠤᠯᠵᠤ᠂ ᠤᠮᠠᠷᠠᠲᠤ ᠶᠢᠨ ᠬᠤᠷᠣᠬᠠᠶ ᠡᠪᠡᠰᠦᠨ ᠤ ᠠᠵᠤ ᠦᠢᠯᠡᠰ ᠲᠤ ᠮᠡᠷᠭᠡᠵᠢᠯ ᠤᠨ ᠵᠢᠯᠣᠭᠤᠳᠣᠯᠭ᠎ᠠ ᠪᠠ ᠳᠡᠮᠵᠢᠯᠭᠡ ᠦᠵᠡᠭᠦᠯᠵᠦ᠂ ᠠᠵᠤ ᠦᠢᠯᠡᠰ ᠤᠨ ᠬᠥᠭᠵᠢᠯᠲᠡ ᠳᠤ ᠣᠶᠤᠨ ᠤᠬᠠᠭᠠᠨ ᠨᠡᠮᠡᠷᠢᠯᠡᠨ᠎ᠡ᠃      ᠮᠦᠭᠳᠡᠨ ᠤ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ᠂ ᠬᠤᠳᠠ᠂ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠰᠦᠩᠱᠠᠨ ᠲᠣᠭᠤᠷᠢᠭ ᠤᠨ ᠰᠢᠶᠠ ᠵᠢᠶᠠ ᠳ᠋ᠢᠶᠠᠨ ᠰᠢᠶᠠᠩ᠂ ᠠᠩᠴᠢᠨ ᠪᠠᠯᠭᠠᠰᠤ᠂ ᠬᠠᠷᠠᠲᠤᠬᠤᠢ ᠪᠠᠯᠭᠠᠰᠤᠨ ᠤ ᠬᠠᠮᠢᠶ᠎ᠠ ᠪᠦᠬᠦᠢ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号