8 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ | ᠱᠦᠵᠢ ᠵᠢᠶᠠᠩ ᠼᠦᠩ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ | ᠰᠤᠳᠤᠯᠵᠤ ᠬᠢᠨᠠᠨ ᠵᠢᠯᠣᠭᠤᠳᠪᠠ᠃ ᠲᠣᠭᠤᠷᠢᠭ ᠤᠨ ᠤᠳᠤᠷᠢᠳᠤᠯᠭ᠎ᠠ ᠹᠦ᠋ ᠴᠢᠶᠠᠩ᠂ ᠰᠦᠩ ᠳ᠋ᠡ ᠹᠦ᠋᠂ ᠰᠦᠨ ᠯᠢ | ᠸᠧᠨ᠂ ᠵᠦ ᠰᠢᠶᠤᠤ ᠯᠸᠢ᠂ ᠸᠠᠩ ᠫᠧᠩ ᠹᠸᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠵᠢᠶᠠᠩ ᠼᠦᠩ ᠨᠡᠷ ᠤᠷᠢᠳ ᠬᠤᠵᠢᠳ ᠤᠯᠠᠭᠠᠨᠬᠠᠳᠠ ᠶᠢᠨ ᠢᠦᠢ ᠷᠦᠨ ᠲᠠᠷᠢᠶᠠᠯᠠᠩ ᠤᠨ ᠪᠦᠲᠦᠭᠡᠭᠳᠡᠬᠦᠨ ᠤ | ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠢᠦᠢ ᠯᠦᠩ ᠵᠡᠭᠡᠯᠢ ᠭᠤᠳᠤᠮᠵᠢ ᠶᠢᠨ ᠢᠦᠢ ᠯᠦᠩ ᠵᠢᠶᠠ ᠶᠤᠸᠠᠨ | ᠪᠠᠭ᠎ᠠ ᠲᠣᠭᠤᠷᠢᠭ᠂ ᠴᠢᠤᠸᠠᠨ ᠨᠢᠩ ᠵᠡᠭᠡᠯᠢ ᠭᠤᠳᠤᠮᠵᠢ ᠶᠢᠨ ᠴᠦᠨ ᠴᠧᠩ ᠵᠢᠶᠠ ᠶᠤᠸᠠᠨ ᠪᠠᠭ᠎ᠠ ᠲᠣᠭᠤᠷᠢᠭ ᠵᠢᠴᠢ | ᠤᠯᠠᠭᠠᠨᠬᠠᠳᠠ ᠶᠢᠨ ᠬᠡᠷᠡᠭᠯᠡᠭᠡᠨ ᠤ ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠵᠦᠩ ᠲᠢᠶᠠᠨ | ᠪᠥᠸᠧ ᠶᠤᠸᠠᠢ ᠶᠤᠸᠠᠨ᠂ ᠰᠦᠩᠱᠠᠨ ᠡᠮᠨᠡᠯᠭᠡ ᠶᠢᠨ ᠬᠤᠷᠢᠶᠠᠨ ᠤ ᠡᠷᠬᠢᠨ ᠲᠣᠭᠤᠷᠢᠨ ᠵᠡᠷᠭᠡ ᠭᠠᠵᠠᠷ ᠲᠤ ᠬᠦᠷᠴᠦ᠂ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ᠂ ᠤᠯᠠᠨ ᠨᠡᠶᠢᠲᠡ ᠶᠢᠨ ᠡᠮᠬᠢ ᠳᠢᠭᠯᠢᠮ ᠤᠨ ᠬᠠᠮᠠᠭᠠᠯᠠᠯᠲᠠ | ᠂ ᠰᠠᠭᠤᠷᠢ ᠲᠥᠬᠦᠭᠡᠷᠦᠮᠵᠢ ᠶᠢᠨ ᠬᠠᠮᠢᠶᠠᠷᠤᠯᠲᠠ ᠬᠠᠮᠠᠭᠠᠯᠠᠯᠲᠠ ᠵᠡᠷᠭᠡ ᠬᠤᠳᠠ ᠪᠠᠶᠢᠭᠤᠯᠬᠤ ᠭᠤᠣᠯᠳᠠᠯᠭ᠎ᠠ ᠲᠠᠢ | ᠠᠵᠢᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ | ᠵᠢᠶᠠᠩ ᠼᠦᠩ ᠴᠢᠬᠤᠯᠠᠴᠢᠯᠠᠬᠤ ᠳᠠᠭᠠᠨ᠂ ᠬᠤᠲᠠ ᠶᠢ ᠡᠭᠦᠳᠦᠨ ᠠᠷᠠᠳ ᠤᠨ ᠲᠥᠯᠥᠭᠡ᠂ ᠬᠤᠲᠠ ᠶᠢ | ᠡᠭᠦᠳᠦᠨ ᠠᠷᠠᠳ ᠲᠤ ᠠᠰᠢᠭ ᠬᠦᠷᠲᠡᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠣᠷᠣᠨ | ᠰᠠᠭᠤᠴᠠ ᠶᠢᠨ ᠵᠢᠵᠢᠭ ᠲᠣᠭᠤᠷᠢᠭ ᠤᠨ ᠬᠠᠲᠠᠭᠤ ᠲᠣᠨᠤᠭ ᠤᠨ ᠲᠥᠬᠦᠭᠡᠷᠦᠮᠵᠢ ᠶᠢᠨ ᠥᠭᠡᠷᠡᠴᠢᠯᠡᠯᠲᠡ ᠶᠢ ᠪᠥᠬᠦ | ᠲᠠᠯ᠎ᠠ ᠪᠠᠷ ᠳᠥᠯᠭᠢᠨ ᠠᠬᠢᠭᠤᠯᠵᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ | ᠲᠠᠰᠤᠷᠠᠯᠲᠠ ᠥᠬᠡᠶ ᠳᠡᠭᠡᠭᠰᠢᠯᠡᠭᠦᠯᠦᠨ᠂ ᠵᠢᠵᠢᠭ ᠲᠣᠭᠤᠷᠢᠭ ᠤᠨ ᠵᠠᠰᠠᠯᠲᠠ ᠶᠢᠨ ᠲᠣᠭᠲᠠᠴᠠ ᠶᠢ ᠪᠦᠷᠢᠨᠰᠢᠬᠦᠯᠦᠨ | ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠬᠡᠷᠡᠭᠲᠡᠶ᠃ ᠵᠠᠮ ᠡᠪᠳᠡᠷᠡᠬᠦ᠂ ︽ᠠᠭᠠᠷ ᠤᠨ ᠨᠢᠰᠦᠯᠲᠡ ᠶᠢᠨ ᠱᠤᠭᠤᠮ︾᠂ ᠵᠠᠮ ᠡᠵᠡᠯᠡᠨ ᠡᠵᠡᠩᠨᠡᠬᠦ | ᠵᠡᠷᠭᠡ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ ᠠᠬᠢᠭᠤᠯᠵᠤ᠂ ᠳᠤᠷ᠎ᠠ ᠪᠠᠷ ᠢᠶᠠᠨ ᠪᠠᠷᠢᠯᠭ᠎ᠠ | ᠪᠠᠷᠢᠬᠤ᠂ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ ᠵᠡᠷᠭᠡ ᠠᠵᠢᠯᠯᠠᠭ᠎ᠠ ᠶᠢ ᠡᠷᠡᠰ ᠬᠤᠷᠢᠭᠯᠠᠵᠤ᠂ | ᠤᠯᠠᠨ ᠲᠦᠮᠡᠨ ᠳᠤ ᠴᠡᠪᠡᠷ ᠲᠡᠭᠰᠢ ᠲᠠᠭᠠᠯᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ | ᠬᠡᠷᠡᠭᠲᠡᠢ᠃ ᠲᠡᠷᠭᠡ ᠵᠣᠭᠰᠣᠬᠤ ᠲᠠᠯᠠᠪᠠᠢ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠬᠤ ᠵᠢᠴᠢ ᠲᠡᠷᠭᠡ | ᠵᠣᠭᠰᠣᠭᠠᠬᠤ ᠪᠠᠶᠢᠷᠢ ᠶᠢ ᠵᠠᠭᠠᠭᠯᠠᠨ ᠲᠣᠭᠲᠠᠭᠠᠵᠤ᠂ ᠵᠠᠭᠠᠭᠯᠠᠨ ᠲᠣᠭᠲᠠᠭᠠᠬᠤ ᠶᠣᠰᠣᠲᠠᠶ ᠶᠢ ᠨᠢ ᠪᠦᠬᠦᠨ ᠢ ᠵᠠᠭᠠᠭᠯᠠᠨ | ᠲᠣᠭᠲᠠᠭᠠᠵᠤ᠂ ᠲᠡᠷᠭᠡ ᠵᠣᠭᠰᠣᠬᠤ ᠡᠮᠬᠢ ᠳᠢᠭᠯᠢᠮ ᠢ ᠲᠠᠰᠤᠷᠠᠯᠳᠠ ᠦᠭᠡᠢ ᠵᠢᠷᠤᠮᠵᠢᠭᠤᠯᠵᠤ᠂ ᠲᠡᠷᠭᠡ | ᠵᠣᠭᠰᠣᠭᠠᠬᠤ ᠳᠤ ᠬᠦᠴᠢᠷᠲᠡᠶ᠂ ᠲᠡᠷᠭᠡ ᠵᠣᠭᠰᠣᠭᠠᠬᠤ ᠳᠤ ᠡᠷᠦᠶ ᠬᠤᠷᠤᠶ ᠦᠭᠡᠢ ᠪᠠᠶᠢᠬᠤ ᠬᠦᠴᠢᠷ ᠠᠰᠠᠭᠤᠳᠠᠯ ᠢ | ᠬᠦᠴᠦᠯᠡᠨ ᠰᠢᠢᠳᠪᠦᠷᠢᠯᠡᠬᠦ ᠬᠡᠷᠡᠭᠲᠡᠶ᠃ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠵᠢᠴᠢ ᠲᠡᠭᠦᠨ ᠤ ᠡᠷᠬᠢᠨ | ᠲᠣᠭᠤᠷᠢᠨ ᠤ ᠣᠷᠴᠢᠨ ᠲᠣᠭᠤᠷᠢᠨ ᠤ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠳᠤᠲᠠᠭᠤᠳᠠᠯ ᠪᠠᠭᠤᠷᠠᠶ ᠲᠠᠯ᠎ᠠ ᠪᠠᠨ ᠲᠦᠷᠭᠡᠨ ᠨᠥᠬᠦᠪᠥᠷᠢᠯᠡᠵᠦ᠂ ᠵᠠᠬ᠎ᠠ ᠳᠡᠯᠭᠡᠭᠦᠷ ᠤᠨ ᠣᠷᠴᠢᠨ | ᠲᠣᠭᠤᠷᠢᠨ ᠤ ᠳᠦᠷᠰᠦ ᠪᠠᠶᠢᠳᠠᠯ ᠢ ᠰᠠᠶᠢᠵᠢᠷᠠᠭᠤᠯᠵᠤ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠶᠢ | ᠬᠥᠲᠥᠯᠦᠨ ᠵᠢᠯᠣᠭᠤᠳᠴᠤ ᠪᠠᠶᠢᠭᠠᠳ ᠬᠤᠲᠠ ᠪᠠᠶᠢᠭᠤᠯᠬᠤ ᠠᠵᠢᠯ ᠤᠨ ᠰᠢᠯᠭᠠᠨ ᠦᠨᠡᠯᠡᠬᠦ ᠰᠢᠰᠲ᠋ᠧᠮᠵᠢ ᠲᠠᠢ ᠴᠢᠩᠭ᠎ᠠ | ᠬᠠᠷᠢᠴᠠᠭᠤᠯᠤᠨ ᠳᠤᠲᠠᠭᠤᠳᠠᠯ ᠢ ᠪᠠᠶᠢᠴᠠᠭᠠᠨ ᠳᠤᠲᠠᠭᠤᠳᠠᠯ ᠢ ᠨᠥᠬᠦᠪᠥᠷᠢᠯᠡᠵᠦ᠂ ᠴᠡᠭᠴᠡᠯᠡᠨ ᠰᠠᠶᠢᠵᠢᠷᠠᠭᠤᠯᠬᠤ ᠶᠢ | ᠲᠦᠷᠭᠡᠳᠬᠡᠨ᠂ ᠥᠭᠡᠷᠡᠴᠢᠯᠡᠨ ᠳᠡᠭᠡᠭᠰᠢᠯᠡᠭᠦᠯᠬᠦ ᠶᠢ ᠡᠳᠦᠷ ᠲᠤᠲᠤᠮ ᠤᠨ ᠬᠠᠮᠢᠶᠠᠷᠤᠯᠲᠠ ᠲᠠᠢ ᠵᠡᠷᠭᠡ ᠪᠠᠷ ᠠᠬᠢᠭᠤᠯᠵᠤ | ᠂ ᠴᠡᠪᠡᠷ ᠲᠡᠭᠰᠢ᠂ ᠵᠢᠷᠤᠮᠵᠢᠯ ᠲᠠᠢ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠴᠢᠷᠮᠠᠶᠢᠨ ᠪᠣᠶ | ᠪᠣᠯᠭᠠᠬᠤ ᠬᠡᠷᠡᠭᠲᠡᠶ᠃ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠬᠦᠷᠢᠶᠡᠯᠡᠨ ᠬᠠᠰᠢᠬᠤ ᠠᠵᠢᠯ ᠢ ᠵᠦᠢ | ᠵᠣᠬᠢᠰᠲᠠᠶ ᠪᠠᠶᠢᠷᠢᠯᠠᠭᠤᠯᠵᠤ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠬᠢᠭᠡᠳ ᠬᠤᠳᠠ ᠶᠢᠨ ᠦᠵᠡᠮᠵᠢ ᠶᠢᠨ | ᠳᠦᠷᠰᠦ ᠪᠠᠶᠢᠳᠠᠯ ᠤᠨ ᠭᠦᠨ ᠠᠭᠤᠰᠤᠯᠴᠠᠯ ᠢ ᠰᠢᠰᠲ᠋ᠧᠮ ᠲᠠᠢ ᠪᠣᠳᠣᠯᠬᠢᠯᠠᠵᠤ᠂ ᠨᠡᠶᠢᠲᠡ ᠶᠢᠨ ᠠᠰᠠᠷᠠᠮᠵᠢ ᠶᠢᠨ ᠵᠠᠷ | ᠮᠡᠳᠡᠭᠡ ᠶᠢᠨ ᠤᠬᠠᠭᠤᠯᠭ᠎ᠠ ᠶᠢᠨ ᠦᠷ᠎ᠡ ᠪᠦᠲᠦᠮᠵᠢ ᠪᠠ ᠴᠢᠮᠡᠭᠯᠡᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠪᠣᠯᠪᠠᠰᠤᠨ ᠤᠬᠠᠮᠰᠠᠷ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠬᠡᠷᠡᠭᠲᠡᠶ᠃ |