ᠤᠢᠢᠷ᠎ᠠ ᠶᠢᠨ ᠵᠢᠯ ᠠᠴᠠ᠂ ᠹᠦ᠋ ᠱᠠᠨ ᠵᠤᠸᠠᠩ ᠲᠣᠰᠬᠤᠨ ᠣᠷᠣᠨ ᠪᠠᠶᠢᠷᠢ ᠶᠢᠨ ᠳᠠᠪᠠᠭᠤᠯᠢᠭ ᠪᠣᠯᠤᠨ | ᠪᠠᠶᠢᠭᠠᠯᠢ ᠶᠢᠨ ᠳᠠᠪᠠᠭᠤᠯᠢᠭ ᠲᠠᠭᠠᠨ ᠲᠦᠰᠢᠭᠯᠡᠨ᠂ ᠠᠵᠤ ᠦᠢᠯᠡᠰ ᠤᠨ ᠬᠥᠭᠵᠢᠯᠲᠡ ᠶᠢᠨ ᠵᠠᠮ ᠢ ᠢᠳᠡᠪᠬᠢᠲᠡᠢ | ᠬᠠᠶᠢᠨ ᠰᠦᠪᠡᠭᠴᠢᠯᠡᠪᠡ᠃ ᠲᠣᠰᠬᠤᠨ ᠤ ᠨᠠᠮ ᠤᠨ ᠶᠡᠷᠦᠩᠬᠡᠢ ᠡᠭᠦᠷ ᠤᠨ ᠳᠠᠭᠠᠭᠠᠭᠤᠯᠤᠯᠲᠠ ᠳᠤᠤᠷ᠎ᠠ᠂ ᠪᠦᠬᠦ | ᠲᠣᠰᠬᠤᠨ ᠤ 3600 ᠮᠦ ᠤᠰᠤᠯᠠᠯᠲᠠ ᠶᠢᠨ ᠲᠠᠷᠢᠶ᠎ᠠ ᠶᠢ ᠪᠦᠬᠦᠨ ᠢ ᠡᠷᠭᠢᠯᠲᠡ ᠳᠤ ᠣᠷᠣᠭᠤᠯᠵᠤ᠂ ᠰᠢᠨ᠎ᠡ | ᠬᠡᠯᠪᠡᠷᠢ ᠶᠢᠨ ᠥᠨᠳᠥᠷ ᠪᠦᠲᠦᠮᠵᠢᠲᠡᠢ ᠨᠠᠷᠠᠨ ᠭᠡᠷᠡᠯ ᠤᠨ ᠬᠦᠯᠡᠮᠵᠢ 155 ᠶᠢ ᠬᠥᠭᠵᠢᠭᠦᠯᠵᠦ᠂ 1100 ᠮᠦ | ᠭᠠᠵᠠᠷ ᠢ ᠡᠵᠡᠯᠡᠵᠦ᠂ ᠲᠥᠪᠡᠳ ᠬᠠᠰᠢ ᠶᠢᠨ ᠠᠵᠤ ᠦᠢᠯᠡᠰ ᠢ ᠭᠤᠣᠯᠳᠠᠯᠭ᠎ᠠ ᠲᠠᠢ ᠬᠦᠴᠦᠷᠬᠡᠭᠵᠢᠭᠦᠯᠪᠡ᠃ | ᠦᠯᠡᠳᠡᠭᠰᠡᠨ 2500 ᠮᠦ ᠤᠰᠤᠯᠠᠯᠲᠠ ᠶᠢᠨ ᠲᠠᠷᠢᠶᠠᠨ ᠳᠤ ᠭᠤᠣᠯᠳᠠᠭᠤ ᠡᠮ ᠤᠨ ᠮᠠᠲ᠋ᠧᠷᠢᠶᠠᠯ᠂ ᠲᠥᠮᠥᠰᠥ᠂ | ᠬᠤᠯᠤᠤᠪᠠᠩ ᠵᠡᠷᠭᠡ ᠠᠵᠤ ᠠᠬᠤᠢ ᠶᠢᠨ ᠲᠠᠷᠢᠮᠠᠯ ᠢ ᠲᠠᠷᠢᠪᠠ᠃ ᠠᠵᠤ ᠦᠢᠯᠡᠰ ᠤᠨ ᠬᠥᠭᠵᠢᠯᠲᠡ ᠪᠠᠷ ᠳᠡᠮᠵᠢᠨ᠂ | ᠣᠳᠣᠬᠠᠨ ᠳᠤ ᠪᠥᠬᠦ ᠲᠣᠰᠬᠤᠨ ᠤ ᠤᠰᠤᠯᠠᠯᠲᠠ ᠶᠢᠨ ᠲᠠᠷᠢᠶᠠᠨ ᠤ ᠳᠤᠮᠳᠠᠴᠢ ᠦᠢᠯᠡᠳᠬᠦᠨ ᠤ ᠥᠷᠲᠡᠭ ᠨᠢ | 5000 ᠲᠥᠭᠦᠷᠢᠭ ᠣᠷᠴᠢᠮ ᠪᠠᠶᠢᠵᠤ᠂ ᠬᠥᠮᠦᠨ ᠳᠤᠮᠳᠠᠴᠢ ᠶᠢᠨ ᠣᠷᠣᠯᠭ᠎ᠠ ᠨᠢ 2.5 ᠲᠦᠮᠡᠨ ᠲᠥᠭᠦᠷᠢᠭ ᠢ | ᠳᠠᠪᠠᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠢᠯ ᠤᠨ ᠣᠷᠣᠯᠭ᠎ᠠ ᠨᠢ 20 ᠲᠦᠮᠡᠨ ᠲᠥᠭᠦᠷᠢᠭ ᠠᠴᠠ | ᠳᠡᠭᠡᠭᠰᠢ ᠪᠤᠯᠤᠨ᠎ᠠ᠃ |