ᠰᠦᠩᠱᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠪᠦᠬᠦ ᠲᠣᠭᠤᠷᠢᠭ ᠤᠨ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/8/19
      8 ᠰᠠᠷ᠎ᠠ ᠶᠢᠨ 17 ᠤ ᠡᠳᠦᠷ᠂ ᠰᠦᠩᠱᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠱᠢ ᠵᠢᠶᠠᠨ ᠪᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠪᠦᠬᠦ ᠲᠣᠭᠤᠷᠢᠭ ᠤᠨ ᠰᠣᠶᠣᠯ ᠵᠤᠭᠠᠴᠠᠯ ᠤᠨ ᠦᠢᠯᠡᠰ ᠤᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠲᠠᠩ ᠲᠢᠩ ᠲᠢᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠳ᠋ᠠ ᠰᠢᠩ ᠯᠦᠩ ᠤᠨ ᠬᠥᠳᠡᠭᠡ ᠲᠣᠰᠬᠤᠨ ᠤ ᠴᠠᠭ ᠬᠤᠭᠤᠴᠠᠭ᠎ᠠ᠂ ᠭᠦᠩᠵᠦ ᠶᠢᠨ ᠳᠠᠪᠠᠭ᠎ᠠ ᠶᠢᠨ ᠰᠣᠶᠣᠯ ᠵᠤᠭᠠᠴᠠᠯ ᠤᠨ ᠲᠦᠷᠦᠯ ᠵᠦᠢᠯ ᠤᠨ ᠲᠣᠭᠤᠷᠢᠭ᠂ ᠳ᠋ᠦᠩ ᠬᠤᠩ  ᠵᠤᠰᠠᠯᠠᠩ ᠤᠨ ᠲᠤᠰᠬᠤᠨ᠂ ᠤᠯᠢᠶᠠᠨᠰᠤᠬᠠᠢ ᠶᠢᠨ ᠦᠵᠡᠮᠵᠢ ᠶᠢᠨ ᠣᠷᠣᠨ ᠳᠤ ᠬᠦᠷᠴᠦ ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠶᠠᠷᠢᠯᠴᠠᠨ ᠰᠣᠯᠢᠯᠴᠠᠬᠤ᠂ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠪᠦᠬᠦ ᠲᠣᠭᠤᠷᠢᠭ ᠤᠨ ᠵᠤᠭᠠᠴᠠᠯ ᠤᠨ ᠲᠦᠷᠦᠯ ᠵᠦᠢᠯ ᠵᠢᠴᠢ ᠢᠵᠢ ᠪᠦᠷᠢᠳᠦᠭᠰᠡᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ᠂ ᠰᠣᠶᠣᠯ ᠵᠤᠭᠠᠴᠠᠯ ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠠᠵᠢᠯ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠵᠡᠷᠭᠡ ᠶᠢ ᠣᠶᠢᠯᠠᠭᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠰᠦᠩᠱᠠᠨ ᠲᠣᠭᠤᠷᠢᠭ ᠤᠨ ᠬᠢᠨ ᠦᠷᠭᠦᠯᠵᠢᠯᠡᠨ ᠤᠯᠠᠭᠠᠨᠬᠠᠳᠠ ᠬᠤᠳᠠ ᠶᠢᠨ ᠤᠯᠤᠰ ᠤᠨ ᠤᠨᠴᠠᠯᠢᠬᠳᠤ ᠰᠣᠶᠣᠯ ᠤᠨ ᠵᠤᠭᠠᠴᠠᠯ ᠪᠣᠯᠤᠨ ᠠᠮᠢ ᠠᠬᠤᠢ ᠶᠢᠨ ᠰᠡᠯᠡᠭᠦᠴᠡᠯ ᠠᠮᠠᠷᠠᠯᠲᠠ ᠶᠢᠨ ᠰᠠᠭᠤᠷᠢᠨ ᠢ ᠪᠦᠳᠦᠬᠡᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠪᠦᠬᠦ ᠣᠷᠣᠨ ᠪᠦᠰᠡ ᠶᠢᠨ ᠪᠦᠬᠦ ᠤᠯᠠᠷᠢᠯ ᠤᠨ ᠵᠤᠭᠠᠴᠠᠯ ᠢ ᠶᠡᠬᠡᠪᠡᠷ ᠠᠬᠢᠭᠤᠯᠵᠤ᠂ ︽ᠠᠮᠢ ᠠᠬᠤᠢ + ᠵᠤᠭᠠᠴᠠᠯ︾ ᠤᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠵᠤ᠂ ᠤᠢᠢᠷ᠎ᠠ ᠳᠡᠬᠦᠷᠬᠡ ᠶᠢᠨ ᠬᠥᠳᠡᠭᠡ ᠲᠣᠰᠬᠤᠨ᠂ ᠤᠳᠤ ᠦᠶ᠎ᠡ ᠶᠢᠨ ᠬᠥᠳᠡᠭᠡ ᠠᠵᠤ ᠠᠬᠤᠢ᠂ ᠤᠢ ᠰᠢᠭᠤᠢ ᠶᠢᠨ ᠠᠮᠢ ᠠᠬᠤᠢ᠂ ᠲᠠᠯ᠎ᠠ ᠨᠤᠲᠤᠭ ᠤᠨ ᠵᠠᠩ ᠦᠢᠯᠡ ᠪᠠᠷ ᠭᠤᠣᠯ ᠰᠡᠳᠦᠪ ᠪᠣᠯᠭᠠᠭᠰᠠᠨ ᠭᠤᠣᠯ ᠦᠵᠡᠮᠵᠢ ᠶᠢᠨ ᠣᠷᠣᠨ ᠪᠣᠯᠤᠨ ᠰᠣᠳᠣᠨ ᠵᠤᠭᠠᠴᠠᠯ ᠤᠨ ᠱᠤᠭᠤᠮ ᠢ ᠴᠣᠭᠴᠠᠯᠠᠬᠤ ᠬᠡᠷᠡᠭᠲᠡᠢ︔ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠵᠦ᠂ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠵᠤᠭᠠᠴᠠᠯ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠤᠪᠤᠶᠢᠯᠭᠠᠬᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠪᠠ ᠪᠠᠯᠠ ᠮᠥᠩᠭᠦ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠬᠠᠮᠢᠶ᠎ᠠ ᠪᠥᠬᠦᠶ ᠢᠵᠢ ᠪᠥᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠦᠨ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠰᠣᠶᠣᠯ ᠤᠨ ᠠᠭᠤᠯᠤᠭᠳᠠᠬᠤᠨ ᠢ ᠳᠡᠭᠡᠭᠰᠢᠯᠡᠭᠦᠯᠵᠦ᠂ ︽ᠰᠣᠶᠣᠯ ᠵᠢᠭᠤᠯᠴᠢᠯᠠᠯ ᠢ ᠠᠭᠤᠰᠤᠯᠴᠠᠭᠤᠯᠬᠤ︾ ︽ᠲᠠᠷᠢᠶᠠᠯᠠᠩ ᠵᠢᠭᠤᠯᠴᠢᠯᠠᠯ ᠢ ᠠᠭᠤᠰᠤᠯᠴᠠᠭᠤᠯᠬᠤ︾ ᠲᠣᠮᠣ ᠠᠵᠢᠯ ᠢ ᠰᠠᠶᠢᠲᠤᠷ ᠬᠢᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠳᠠᠪᠠᠯᠲᠠ ᠶᠢ ᠪᠡᠶᠡᠯᠡᠭᠦᠯᠬᠦ ᠬᠡᠷᠡᠭᠲᠡᠶ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号