8 ᠳ᠋ᠤᠭᠠᠷ ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨ | ᠬᠤᠷᠢᠶᠠᠨ ᠤ ᠱᠦᠵᠢ ᠵᠢᠶᠠᠩ ᠼᠦᠩ ᠪᠥᠬᠦ ᠲᠤᠭᠤᠷᠢᠭ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠭᠤᠤᠯᠳᠠᠯᠭ᠎ᠠ ᠲᠠᠢ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠨᠢᠭᠡᠳ ᠨᠢᠭᠡ ᠪᠠᠷ ᠳᠣᠭᠢᠷᠠᠭᠤᠯᠤᠨ᠂ ᠭᠤᠤᠯᠳᠠᠯᠭ᠎ᠠ ᠲᠠᠢ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠭᠰᠠᠨ ᠪᠥᠭᠡᠳ | ᠲᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠵᠢᠶᠠᠩ ᠼᠦᠩ ᠵᠢᠭᠠᠵᠤ ᠭᠠᠷᠭᠠᠭᠰᠠᠨ ᠨᠢ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠪᠣᠯ ᠪᠦᠬᠦ ᠲᠤᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠵᠠᠩᠭᠢᠯᠠᠭ᠎ᠠ ᠶᠢᠨ ᠭᠠᠷᠳᠠᠴᠠ ᠮᠥᠨ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ | ᠲᠠᠨᠢᠯᠲᠠ ᠪᠠᠨ ᠨᠢᠭᠡᠳᠬᠡᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠲᠦᠷᠦᠯ ᠵᠦᠢᠯ ᠢ | ᠲᠥᠯᠥᠪᠵᠢᠭᠦᠯᠬᠦ᠂ ᠬᠥᠭᠵᠢᠯᠲᠡ ᠶᠢ ᠠᠳᠬᠤᠬᠤ ᠶᠢ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠬᠥᠳᠡᠭᠡ ᠠᠵᠤ | ᠠᠬᠤᠢ ᠶᠢ ᠬᠦᠴᠦᠷᠬᠡᠭᠵᠢᠭᠦᠯᠬᠦ᠂ ᠲᠤᠮᠤ ᠠᠵᠤ ᠦᠢᠯᠡᠳᠪᠦᠷᠢ ᠶᠢ ᠬᠥᠭᠵᠢᠭᠦᠯᠬᠦ᠂ ᠭᠤᠷᠪᠠᠳᠤᠭᠠᠷ ᠠᠵᠤ ᠦᠢᠯᠡᠰ ᠢ | ᠰᠢᠯᠢᠳᠡᠭᠵᠢᠭᠦᠯᠬᠦ ᠪᠠᠷ ᠭᠤᠣᠯᠳᠠᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠪᠦᠲᠦᠮᠵᠢᠲᠡᠢ | ᠪᠡᠯᠡ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠬᠦ ᠬᠡᠷᠡᠭᠲᠡᠢ᠃ ᠦᠷ᠎ᠡ ᠳ᠋ᠦᠩ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠪᠦᠬᠦ ᠶᠠᠪᠤᠴᠠ ᠶᠢᠨ ᠲᠣᠭᠤᠷᠢᠨ ᠳᠤ᠂ ᠡᠯ᠎ᠡ | ᠲᠦᠷᠦᠯ ᠵᠦᠢᠯ ᠳᠤ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠨᠢᠭᠡᠳ ᠨᠢᠭᠡ ᠪᠠᠷ ᠲᠣᠳᠣᠷᠬᠠᠶᠢᠯᠠᠵᠤ᠂ | ᠶᠠᠪᠤᠴᠠ ᠶᠢ ᠠᠩᠬᠠᠷᠴᠤ᠂ ᠭᠤᠭᠴᠤᠭ᠎ᠠ ᠶᠢ ᠠᠩᠬᠠᠷᠴᠤ᠂ ᠨᠠᠷᠢᠨ ᠵᠦᠢᠯᠡᠰ ᠢ ᠠᠩᠬᠠᠷᠴᠤ᠂ ᠲᠦᠷᠦᠯ ᠵᠦᠢᠯ ᠢ | ᠡᠷᠲᠡᠬᠡᠨ ᠦᠢᠯᠡᠳᠪᠦᠷᠢᠯᠡᠯ ᠳᠤ ᠣᠷᠣᠭᠤᠯᠵᠤ ᠦᠷ᠎ᠡ ᠠᠰᠢᠭ ᠲᠤ ᠬᠦᠷᠭᠡᠬᠦ ᠶᠢ ᠪᠦᠬᠦ ᠬᠦᠴᠦᠨ ᠢᠶᠠᠷ ᠠᠬᠢᠭᠤᠯᠬᠤ | ᠬᠡᠷᠡᠭᠲᠡᠢ᠃ ᠲᠦᠷᠦᠯ ᠵᠦᠢᠯ ᠢ ᠬᠥᠮᠥᠷᠭᠡ ᠳᠤ ᠣᠷᠣᠭᠤᠯᠵᠤ ᠨᠢᠭᠡᠳᠦᠯᠲᠡᠢ ᠪᠣᠯᠭᠠᠬᠤ ᠶᠢ ᠵᠡᠷᠭᠡᠪᠡᠷ ᠰᠠᠶᠢᠲᠤᠷ | ᠠᠳᠬᠤᠵᠤ᠂ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠪᠣᠯᠤᠨ ᠲᠦᠷᠦᠯ ᠵᠦᠢᠯ ᠤᠨ ᠰᠠᠯᠠᠭ᠎ᠠ ᠮᠥᠴᠢᠷ ᠤᠨ | ᠵᠣᠬᠢᠴᠠᠭᠤᠯᠤᠨ ᠬᠠᠮᠵᠢᠯᠴᠠᠬᠤ ᠶᠢ ᠴᠢᠨᠠᠭᠰᠢᠳᠠ ᠴᠢᠩᠭᠠᠳᠬᠠᠵᠤ᠂ ᠲᠤᠭᠤᠷᠢᠭ ᠤᠨ ᠲᠤᠭ᠎ᠠ ᠪᠦᠷᠢᠳᠬᠡᠯ ᠤᠨ | ᠲᠤᠪᠴᠢᠶ᠎ᠠ ᠰᠠᠨᠠᠭᠠᠴᠢᠯᠠᠭ᠎ᠠ ᠠᠴᠠ ᠪᠠᠨ ᠤᠷᠤᠭᠰᠢᠯᠠᠵᠤ᠂ ᠵᠢᠯᠤᠭᠤᠳᠤᠯᠭ᠎ᠠ ᠪᠠᠨ ᠴᠢᠩᠭᠠᠳᠬᠠᠵᠤ᠂ ᠲᠦᠷᠦᠯ ᠵᠦᠢᠯ ᠢ | ᠨᠢᠭᠡᠳᠦᠯᠲᠡᠢ ᠪᠣᠯᠭᠠᠪᠠᠰᠤ ᠵᠣᠬᠢᠬᠤ ᠶᠢ ᠪᠦᠬᠦᠨ ᠢ ᠨᠢᠭᠡᠳᠦᠯᠲᠡᠢ ᠪᠣᠯᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ | ᠬᠡᠷᠡᠭᠲᠡᠢ᠃ ᠤᠷᠢᠳᠠᠪᠠᠷ ᠲᠥᠯᠥᠪᠵᠢᠭᠦᠯᠬᠦ ᠶᠢ ᠪᠠᠷᠢᠮᠲᠠᠯᠠᠵᠤ᠂ 2023 ᠣᠨ ᠤ ᠲᠦᠷᠦᠯ ᠵᠦᠢᠯ ᠢ ᠲᠦᠷᠭᠡᠨ | ᠲᠥᠯᠥᠪᠵᠢᠭᠦᠯᠵᠦ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠤᠷᠢᠳᠴᠢᠯᠠᠨ ᠰᠤᠳᠤᠯᠵᠤ᠂ | ᠪᠠᠶᠢᠯᠳᠤᠬᠤ ᠪᠤᠳᠤᠯᠭ᠎ᠠ ᠶᠢᠨ ᠰᠠᠨᠠᠭᠠᠴᠢᠯᠠᠭᠠᠲᠤ ᠡᠷᠬᠡ ᠶᠢ ᠤᠯᠬᠤ ᠪᠠᠷ ᠴᠢᠷᠮᠠᠶᠢᠵᠤ᠂ ᠪᠦᠬᠦ ᠲᠤᠭᠤᠷᠢᠭ ᠤᠨ ᠠᠵᠤ | ᠠᠬᠤᠢ ᠶᠢᠨ ᠲᠣᠭᠲᠠᠭᠤᠨ ᠢᠶᠠᠷ ᠬᠤᠯᠠ ᠠᠶᠠᠯᠠᠬᠤ ᠳᠤ ᠭᠦᠢᠴᠡᠳ ᠬᠥᠳᠡᠯᠭᠡᠬᠦ ᠬᠦᠴᠦᠨ ᠬᠠᠩᠭᠠᠬᠤ ᠬᠡᠷᠡᠭᠲᠡᠢ᠃ | ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ | ᠵᠥᠩ ᠴᠢᠩ ᠰᠥᠩ ᠬᠤᠷᠠᠯ ᠳᠡᠭᠡᠷ᠎ᠡ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ | ᠮᠥᠴᠢᠷ ᠤᠳ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠷᠠᠭᠤᠯᠵᠤ᠂ ᠠᠵᠢᠯ ᠤᠨ | ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠲᠥᠷᠥᠯ ᠵᠦᠢᠯ ᠢ ᠠᠬᠢᠭᠤᠯᠬᠤ ᠪᠠ ᠲᠥᠯᠥᠪᠵᠢᠭᠦᠯᠬᠦ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠨᠥᠭᠡᠴᠡᠯᠡᠯᠲᠡ ᠶᠢᠨ ᠳᠤᠮᠳᠠ | ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠲᠥᠷᠥᠯ ᠵᠦᠢᠯ ᠤᠨ | ᠭᠠᠷᠳᠠᠮ ᠢ ᠭᠦᠢᠴᠡᠳᠬᠡᠵᠦ ᠳᠠᠭᠤᠰᠬᠠᠬᠤ ᠨᠣᠷᠮ᠎ᠠ ᠵᠢᠴᠢ ᠠᠵᠢᠯ ᠢᠶᠠᠨ ᠡᠬᠢᠯᠡᠭᠦᠯᠬᠦ ᠪᠠ ᠰᠡᠷᠭᠦᠭᠡᠬᠦ ᠨᠣᠷᠮ᠎ᠠ ᠶᠢ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠲᠥᠷᠥᠯ ᠵᠦᠢᠯ ᠤᠨ ᠡᠷᠲᠡ ᠠᠵᠢᠯ ᠡᠬᠢᠯᠡᠭᠦᠯᠬᠦ᠂ ᠡᠷᠲᠡ ᠠᠰᠢᠭᠯᠠᠯᠲᠠ ᠳᠤ | ᠣᠷᠣᠭᠤᠯᠬᠤ᠂ ᠡᠷᠲᠡ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠤᠰᠬᠠᠶ ᠵᠦᠢᠯ ᠤᠨ | ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠪᠠ ᠪᠡᠯᠡ ᠮᠥᠩᠭᠦ ᠤᠯᠬᠤ ᠡᠷᠴᠢᠮ ᠢᠶᠠᠨ | ᠴᠢᠩᠭᠠᠷᠠᠭᠤᠯᠵᠤ᠂ ᠡᠯ᠎ᠡ ᠲᠠᠯ᠎ᠠ ᠶᠢᠨ ᠪᠡᠯᠡ ᠮᠥᠩᠭᠦ ᠶᠢ ᠦᠨᠡᠨ ᠬᠦ ᠰᠠᠶᠢᠲᠤᠷ ᠬᠡᠷᠡᠭᠯᠡᠵᠦ᠂ ᠲᠥᠷᠥᠯ ᠵᠦᠢᠯ ᠤᠨ | ᠪᠦᠳᠦᠭᠡᠨ ᠪᠠᠶᠢᠭᠤᠯᠤᠯᠲᠠ ᠳᠤ ᠬᠦᠴᠦᠲᠡᠶ ᠪᠡᠯᠡ ᠮᠥᠩᠭᠦᠨ ᠤ ᠪᠠᠲᠤᠯᠠᠭ᠎ᠠ ᠬᠠᠩᠭᠠᠬᠤ ᠬᠡᠷᠡᠭᠲᠡᠶ᠃ ᠠᠷᠠᠯᠵᠢᠶᠠᠴᠢᠨ | ᠤᠷᠢᠵᠤ ᠪᠡᠯᠡ ᠮᠥᠩᠭᠦ ᠣᠷᠣᠭᠤᠯᠬᠤ ᠡᠷᠴᠢ ᠵᠣᠷᠢᠭ ᠢ ᠰᠤᠯᠠᠷᠠᠭᠤᠯᠤᠯ ᠦᠭᠡᠢ ᠪᠠᠷᠢᠮᠲᠠᠯᠠᠵᠤ᠂ ᠪᠠᠰᠠ ᠨᠢᠭᠡ ᠪᠦᠯᠦᠭ | ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠲᠥᠰᠦᠪᠯᠡᠨ ᠨᠥᠭᠡᠴᠡᠯᠡᠵᠦ᠂ ᠵᠣᠬᠢᠶᠠᠨ ᠪᠠᠶᠢᠭᠤᠯᠤᠨ | ᠬᠡᠷᠡᠭᠵᠢᠭᠦᠯᠬᠦ ᠶᠢ ᠰᠠᠶᠢᠲᠤᠷ ᠠᠳᠬᠤᠵᠤ᠂ ᠬᠥᠮᠥᠷᠭᠡ ᠳᠤ ᠣᠷᠣᠭᠤᠯᠵᠤ ᠨᠢᠭᠡᠳᠦᠯᠲᠡᠢ ᠪᠣᠯᠭᠠᠬᠤ ᠶᠢ ᠴᠢᠩᠭᠠᠳᠬᠠᠵᠤ᠂ | ᠬᠥᠭᠵᠢᠯᠲᠡ ᠶᠢᠨ ᠰᠡᠯᠭᠦᠬᠦ ᠬᠦᠴᠦᠨ ᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ | ᠬᠤᠷᠠᠯ ᠳᠡᠭᠡᠷ᠎ᠡ᠂ ᠲᠣᠭᠤᠷᠢᠭ ᠤᠨ ᠤᠳᠤᠷᠢᠳᠤᠯᠭ᠎ᠠ ᠯᠢᠶᠠᠩ ᠮᠢᠩ ᠽᠧ᠂ ᠰᠢᠤᠢ ᠹᠸᠢ ᠶᠠᠨ᠂ ᠸᠠᠩ ᠫᠧᠩ | ᠹᠸᠢ᠂ ᠢᠦᠢ ᠬᠤᠩ ᠯᠢᠨ᠂ ᠢᠦᠢ ᠬᠤᠸᠠ ᠶᠠᠨ ᠲᠤᠰ ᠲᠤᠰ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ | ᠭᠤᠣᠯᠳᠠᠯᠭ᠎ᠠ ᠲᠠᠢ ᠲᠦᠷᠦᠯ ᠵᠦᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃ | ᠲᠣᠭᠤᠷᠢᠭ ᠤᠨ ᠤᠳᠤᠷᠢᠳᠤᠯᠭ᠎ᠠ ᠵᠢᠶᠠ ᡁᠢ ᠬᠤᠩ᠂ ᠵᠦ ᠰᠢᠶᠤᠤ ᠯᠸᠢ ᠬᠤᠷᠠᠯ ᠳᠤ ᠣᠷᠣᠯᠴᠠᠪᠠ᠃ |