ᠵᠢᠶᠠᠩ ᠼᠦᠩ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2022/8/19
      8 ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠢᠶᠠᠩ ᠼᠦᠩ ᠰᠢᠶᠠᠩ ᠶᠠᠩ ᠵᠡᠭᠡᠯᠢ ᠭᠤᠳᠤᠮᠵᠢ ᠳᠤ ᠬᠦᠷᠴᠦ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠲᠣᠭᠤᠷᠢᠭ ᠤᠨ ᠤᠳᠤᠷᠢᠳᠤᠯᠭ᠎ᠠ ᠹᠦ᠋ ᠴᠢᠶᠠᠩ᠂ ᠰᠦᠩ ᠳ᠋ᠡ ᠹᠦ᠋᠂ ᠵᠦ ᠰᠢᠶᠤᠤ ᠯᠸᠢ᠂ ᠸᠠᠩ ᠫᠧᠩ ᠹᠸᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠵᠢᠶᠠᠩ ᠼᠦᠩ ᠨᠡᠷ ᠤᠷᠢᠳ ᠬᠤᠵᠢᠳ ᠰᠢᠶᠠᠩ ᠶᠠᠩ ᠪᠠᠭ᠎ᠠ ᠲᠣᠭᠤᠷᠢᠭ ᠤᠨ ᠭᠤᠷᠪᠠᠳᠤᠭᠠᠷ ᠪᠦᠯᠬᠦᠮ᠂ ᠶᠢᠨ ᠾᠧ ᠬᠤᠸᠠ ᠶᠤᠸᠠᠨ ᠪᠠᠭ᠎ᠠ ᠲᠣᠭᠤᠷᠢᠭ ᠵᠢᠴᠢ ᠷᠦᠩ ᠴᠠᠩ ᠭᠤᠳᠤᠮᠵᠢ᠂ ᠤᠯᠠᠭᠠᠨᠬᠠᠳᠠ ᠶᠢᠨ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠪᠠᠷᠠᠭᠤᠨ ᠦᠷᠳᠡᠭᠡ ᠶᠢᠨ ᠪᠠᠷᠠᠭᠤᠨ ᠭᠤᠳᠤᠮᠵᠢ ᠵᠡᠷᠭᠡ ᠭᠠᠵᠠᠷ ᠲᠤ ᠬᠦᠷᠴᠦ᠂ ᠡᠯ᠎ᠡ ᠴᠡᠭ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ᠂ ᠰᠠᠭᠤᠷᠢ ᠲᠥᠬᠦᠭᠡᠷᠦᠮᠵᠢ ᠲᠡᠭᠦᠯᠳᠡᠷᠵᠢᠭᠰᠡᠨ᠂ ᠵᠡᠭᠡᠯᠢ ᠭᠤᠳᠤᠮᠵᠢ ᠶᠢᠨ ᠵᠠᠮ ᠬᠠᠲᠠᠷᠠᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠡᠭᠦᠳᠦᠨ ᠪᠠᠶᠢᠭᠤᠯᠬᠤ ᠠᠵᠢᠯ ᠤᠨ ᠳᠤᠮᠳᠠᠬᠢ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠲᠤᠬᠠᠢ ᠶᠢᠨ ᠲᠠᠯᠠᠪᠠᠢ ᠳᠤ ᠰᠤᠳᠤᠯᠤᠨ ᠰᠢᠢᠳᠪᠦᠷᠢᠯᠡᠪᠡ᠃      ᠵᠢᠶᠠᠩ ᠼᠦᠩ ᠴᠢᠬᠤᠯᠠᠴᠢᠯᠠᠭᠰᠠᠨ ᠨᠢ᠂ ᠣᠳᠣᠬᠠᠨ ᠳᠤ᠂ ᠬᠤᠲᠠ ᠪᠠᠶᠢᠭᠤᠯᠬᠤ ᠠᠵᠢᠯ ᠨᠢᠭᠡᠨᠲᠡ ᠵᠠᠩᠭᠢᠯᠠᠭ᠎ᠠ ᠶᠢᠨ ᠱᠠᠲᠤᠨ ᠳᠤ ᠣᠷᠣᠪᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠨᠠᠷᠢᠯᠢᠭ ᠣᠨᠣᠴᠠᠲᠠᠶ ᠪᠠᠷ ᠬᠦᠴᠦᠯᠡᠵᠦ᠂ ᠬᠠᠮᠤᠭ ᠤᠨ ᠶᠡᠭᠡ ᠰᠢᠢᠳᠪᠦᠷᠢ ᠵᠣᠷᠢᠭ ᠂ ᠬᠠᠮᠤᠭ ᠤᠨ ᠪᠣᠳᠠᠲᠠᠶ ᠠᠷᠭ᠎ᠠ ᠬᠡᠮᠵᠢᠶ᠎ᠡ ᠪᠠᠷ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠠᠷᠠᠳ ᠣᠯᠠᠨ ᠤ ᠵᠣᠯ ᠵᠢᠷᠭᠠᠯ ᠤᠨ ᠰᠡᠳᠬᠢᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠪᠠ ᠵᠡᠭᠡᠯᠢ ᠭᠤᠳᠤᠮᠵᠢ ᠶᠢ ᠥᠭᠡᠷᠡᠴᠢᠯᠡᠨ ᠰᠠᠶᠢᠵᠢᠷᠠᠭᠤᠯᠬᠤ ᠬᠤᠷᠳᠤᠴᠠ ᠶᠢ ᠲᠦᠷᠭᠡᠳᠬᠡᠨ ᠠᠬᠢᠭᠤᠯᠵᠤ᠂ ᠬᠦᠴᠦᠨ ᠢᠶᠠᠨ ᠲᠥᠪᠯᠡᠷᠡᠭᠦᠯᠦᠨ ︽ᠠᠭᠠᠷ ᠲᠠᠬᠢ ᠨᠢᠰᠦᠯᠲᠡ ᠶᠢᠨ ᠱᠤᠭᠤᠮ︾᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ᠂ ᠵᠠᠮ ᠡᠪᠳᠡᠷᠡᠬᠦ᠂ ᠳᠤᠷ᠎ᠠ ᠪᠠᠷ ᠢᠶᠠᠨ ᠵᠣᠭᠰᠣᠵᠤ ᠳᠤᠷ᠎ᠠ ᠪᠠᠷ ᠢᠶᠠᠨ ᠲᠠᠯᠪᠢᠬᠤ ᠵᠡᠷᠭᠡ ᠲᠣᠪᠤᠶᠢᠮ᠎ᠠ ᠠᠰᠠᠭᠤᠳᠠᠯ ᠢ  ᠰᠢᠢᠳᠪᠦᠷᠢᠯᠡᠵᠦ᠂ ᠬᠤᠲᠠ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠶ᠃ ᠪᠠᠷᠢᠯᠭ᠎ᠠ ᠶᠢᠨ ᠭᠠᠵᠠᠷ ᠤᠨ ᠬᠦᠷᠢᠶᠡᠯᠡᠨ ᠬᠠᠰᠢᠬᠤ ᠵᠢᠴᠢ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠪᠠᠶᠢᠷᠢᠯᠠᠭᠤᠯᠤᠯᠲᠠ ᠶᠢ ᠵᠢᠷᠤᠮᠵᠢᠭᠤᠯᠵᠤ᠂ ᠴᠡᠪᠡᠷ ᠴᠡᠮᠴᠡᠭᠡᠷ ᠦᠵᠡᠮᠵᠢᠲᠡᠶ ᠪᠠᠶᠢᠬᠤ ᠶᠢ ᠪᠡᠶᠡᠯᠡᠭᠦᠯᠵᠦ᠂ ᠬᠤᠲᠠ ᠶᠢᠨ ᠳᠦᠷᠢ ᠲᠥᠷᠬᠦ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠶ᠃ ᠭᠤᠣᠯᠳᠠᠯᠭ᠎ᠠ ᠲᠠᠢ ᠣᠷᠣᠨ ᠪᠠᠶᠢᠷᠢ ᠶᠢ ᠳᠤᠪᠤᠶᠢᠯᠭᠠᠵᠤ᠂ ᠵᠠᠩᠭᠢᠯᠠᠭ᠎ᠠ ᠶᠢᠨ ᠠᠰᠠᠭᠤᠳᠠᠯ ᠢ ᠠᠳᠬᠤᠵᠤ᠂ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠳᠤᠲᠠᠭᠤᠳᠠᠯ ᠢ ᠨᠥᠬᠦᠪᠥᠷᠢᠯᠡᠬᠦ᠂ ᠪᠠᠭᠤᠷᠠᠢ ᠲᠠᠯ᠎ᠠ ᠶᠢ ᠪᠠᠭᠤᠷᠠᠭᠤᠯᠬᠤ᠂ ᠳᠡᠭᠡᠭᠰᠢᠯᠡᠯᠲᠡ ᠶᠢ ᠠᠬᠢᠭᠤᠯᠬᠤ ᠶᠢ ᠲᠦᠷᠭᠡᠳᠬᠡᠵᠦ᠂ ᠬᠤᠳᠠ ᠶᠢ ᠡᠭᠦᠳᠬᠦ ᠡᠯ᠎ᠡ ᠵᠦᠢᠯ ᠤᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号