ᠤᠢᠢᠷ᠎ᠠ ᠶᠢᠨ ᠡᠳᠦᠷ ᠤᠳ ᠲᠤ᠂ ᠰᠦᠩᠱᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ︽ᠵᠤᠨ ᠤ | ᠤᠯᠠᠷᠢᠯ ᠳᠤ ᠰᠡᠷᠢᠭᠦᠨ ᠢ ᠬᠦᠷᠭᠡᠵᠦ ᠡᠮᠦᠨ᠎ᠡ ᠹᠷᠣᠨᠲ ᠶᠢ ᠬᠠᠶᠢᠷᠠᠯᠠᠨ ᠬᠠᠯᠠᠮᠵᠢᠯᠠᠬᠤ︾ ᠲᠣᠬᠤᠨᠢᠭᠤᠯᠬᠤ | ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠡᠢ᠃ | ᠠᠵᠢᠯᠯᠠᠭ᠎ᠠ ᠶᠢᠨ ᠳᠤᠮᠳᠠ᠂ ᠠᠵᠢᠯᠴᠢᠨ ᠤ ᠶᠡᠷᠦᠩᠬᠡᠢ ᠡᠪᠯᠡᠯ ᠤᠨ ᠠᠵᠢᠯᠲᠠᠳ ᠤᠷᠢᠳ ᠬᠤᠵᠢᠳ ᠰᠦᠩᠱᠠᠨ | ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠰᠠᠯᠪᠤᠷᠢ ᠠᠩᠭᠢ ᠶᠢᠨ ᠬᠤᠶᠠᠳᠤᠭᠠᠷ ᠶᠡᠭᠡ ᠠᠩᠭᠢ᠂ ᠰᠦᠩᠱᠠᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ | ᠠᠩᠭᠢ ᠳᠤ ᠬᠦᠷᠴᠦ᠂ ᠡᠮᠦᠨ᠎ᠡ ᠹᠷᠣᠨᠲ ᠤᠨ ᠠᠵᠢᠯᠲᠠᠨ ᠠᠵᠢᠯᠴᠢᠨ ᠪᠣᠯᠤᠨ ᠠᠷᠠᠳ ᠤᠨ ᠲᠤᠰᠠᠯᠠᠬᠤ ᠴᠠᠭᠳᠠᠭ᠎ᠠ ᠳᠤ | ᠬᠠᠯᠠᠭᠤᠨ ᠢ ᠬᠠᠮᠠᠭᠠᠯᠠᠬᠤ ᠴᠣᠮᠣ᠂ ᠪᠣᠷᠣᠭᠠᠨ ᠤ ᠰᠢᠬᠦᠷ᠂ ᠴᠠᠶ᠂ ᠨᠣᠭᠤᠭᠠᠨ ᠪᠤᠷᠴᠠᠭ᠂ ᠴᠠᠭᠠᠨ ᠰᠢᠬᠢᠷ ᠵᠡᠷᠭᠡ | ᠲᠣᠬᠤᠨᠢᠭᠤᠯᠬᠤ ᠪᠣᠳᠠᠰ ᠲᠦᠭᠡᠭᠡᠨ ᠥᠭᠴᠦ᠂ ᠣᠯᠠᠨ ᠳᠤ ᠳᠣᠲᠣᠨᠣ ᠲᠣᠬᠤᠨᠢᠭᠤᠯᠤᠯ ᠪᠠ ᠡᠷᠬᠢᠮ ᠳᠡᠭᠡᠳᠦ | ᠬᠦᠨᠳᠦᠳᠬᠡᠯ ᠢᠶᠠᠨ ᠳᠡᠪᠰᠢᠭᠦᠯᠵᠦ᠂ ᠲᠡᠳᠡᠨ ᠳᠤ ᠥᠪᠡᠷ ᠢ ᠪᠠᠨ ᠬᠠᠮᠠᠭᠠᠯᠠᠬᠤ ᠪᠠᠨ ᠴᠢᠩᠭᠠᠳᠬᠠᠵᠤ᠂ ᠬᠠᠯᠠᠭᠤᠨ ᠢ | ᠰᠡᠷᠭᠡᠶᠢᠯᠡᠨ ᠬᠠᠯᠠᠭᠤᠨ ᠢ ᠪᠠᠭᠤᠷᠠᠭᠤᠯᠬᠤ ᠠᠵᠢᠯ ᠢ ᠰᠠᠶᠢᠲᠤᠷ ᠬᠢᠵᠦ᠂ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ | ᠠᠩᠬᠠᠷᠴᠤ᠂ ᠵᠤᠨ ᠤ ᠤᠯᠠᠷᠢᠯ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ | ᠵᠠᠬᠢᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ ᠰᠦᠩᠱᠠᠨ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ 40 ᠲᠦᠮᠡᠨ | ᠲᠥᠭᠦᠷᠢᠭ ᠤᠨ ᠲᠤᠰᠬᠠᠶ ᠪᠡᠯᠡ ᠮᠥᠩᠭᠦ ᠣᠷᠣᠭᠤᠯᠬᠤ ᠪᠠᠷ ᠲᠥᠯᠥᠪᠯᠡᠵᠦ᠂ ᠵᠣᠨ ᠤ ᠤᠯᠠᠷᠢᠯ ᠳᠤ ᠵᠠᠳᠠᠭᠠᠶ | ᠠᠵᠢᠯᠯᠠᠬᠤ ᠪᠠᠷᠢᠯᠭ᠎ᠠ᠂ ᠴᠠᠬᠢᠯᠭᠠᠨ ᠬᠦᠴᠦᠨ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠨ | ᠪᠣᠯᠤᠨ ᠦᠢᠯᠡᠳᠪᠦᠷᠢᠯᠡᠯ ᠤᠨ ᠴᠢᠨᠠᠷᠲᠠᠶ ᠥᠨᠳᠥᠷ ᠳᠤᠯᠠᠭᠠᠨ ᠳᠤ ᠠᠵᠢᠯᠯᠠᠬᠤ ᠲᠠᠯᠠᠪᠤᠷ ᠭᠠᠵᠠᠷ ᠲᠤ ᠠᠵᠢᠯᠯᠠᠵᠤ | ᠪᠠᠶᠢᠭ᠎ᠠ ᠬᠥᠮᠦᠰ ᠲᠤ ︽ᠵᠣᠨ ᠤ ᠤᠯᠠᠷᠢᠯ ᠳᠤ ᠰᠡᠷᠢᠭᠦᠴᠡᠭᠦᠯᠬᠦ︾ ᠠᠵᠢᠯᠯᠠᠭ᠎ᠠ ᠶᠢ ᠭᠤᠤᠯᠳᠠᠯᠭ᠎ᠠ ᠲᠠᠢ ᠥᠷᠨᠢᠭᠦᠯᠵᠦ᠂ | ᠲᠣᠬᠤᠨᠢᠭᠤᠯᠬᠤ ᠡᠳ᠋ ᠪᠣᠳᠠᠰ᠂ ᠰᠠᠨᠠᠭᠠᠨ ᠳᠤ ᠥᠬᠡᠶ ᠬᠡᠷᠡᠭ ᠤᠨ ᠳᠠᠭᠠᠳᠬᠠᠯ᠂ ᠰᠦᠢᠳᠬᠡᠯ ᠬᠤᠷᠢᠶᠠᠬᠤ ᠥᠬᠡᠶ ᠪᠠᠷ | ᠪᠡᠶ᠎ᠡ ᠶᠢᠨ ᠪᠠᠶᠢᠴᠠᠭᠠᠯᠲᠠ ᠬᠢᠬᠦ᠂ ᠬᠠᠤᠯᠢ ᠴᠠᠭᠠᠵᠠ ᠪᠠᠷ ᠡᠷᠬᠡ ᠪᠠᠨ ᠬᠠᠮᠠᠭᠠᠯᠠᠬᠤ᠂ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ ᠵᠡᠷᠭᠡ ᠶᠢ ᠪᠠᠭᠲᠠᠭᠠᠭᠰᠠᠨ ᠦᠢᠯᠡᠴᠢᠯᠡᠭᠡᠨ ᠤ ᠬᠡᠯᠪᠡᠷᠢ ᠪᠠ ᠠᠭᠤᠯᠭ᠎ᠠ ᠶᠢ ᠪᠠᠭᠲᠠᠭᠠᠵᠤ᠂ | ᠵᠢᠱᠢᠯᠲᠡ ᠪᠠᠷ ᠬᠠᠷᠠᠭᠠᠯᠵᠠᠯ ᠭᠥᠷᠳᠡᠬᠦ ᠠᠵᠢᠯᠲᠠᠨ ᠠᠵᠢᠯᠴᠢᠨ 2000 ᠬᠥᠮᠦᠨ ᠤᠳᠠᠭ᠎ᠠ ᠳᠤ ᠬᠥᠷᠬᠦ ᠪᠣᠯᠤᠨ᠎ᠠ᠃ |