7 ᠰᠠᠷ᠎ᠠ ᠶᠢᠨ 29 ᠤ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ | ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠦᠩ 2022 ᠣᠨ ᠤ ᠰᠦᠩᠱᠠᠨ | ᠲᠣᠭᠤᠷᠢᠭ ᠤᠨ ᠵᠠᠰᠠᠭ ᠤᠨ ᠣᠷᠳᠣᠨ ᠤ 6 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ | ᠬᠤᠳᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ | ︔ 2022 ᠣᠨ ᠤ ᠰᠦᠩᠱᠠᠨ ᠲᠣᠭᠤᠷᠢᠭ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠠᠬᠢᠴᠠ᠂ 2023 | ᠣᠨ ᠤ ᠭᠤᠣᠯᠳᠠᠯᠭ᠎ᠠ ᠲᠠᠢ ᠲᠦᠷᠦᠯ ᠵᠦᠢᠯ ᠢ ᠲᠥᠯᠥᠪᠵᠢᠭᠦᠯᠦᠭᠰᠡᠨ ᠪᠠᠶᠢᠳᠠᠯ᠂ ᠢᠳᠡᠭᠡᠨ ᠤ ᠵᠦᠢᠯ ᠡᠮ ᠤᠨ | ᠵᠦᠢᠯ ᠤᠨ ᠠᠮᠤᠷ ᠲᠦᠪᠰᠢᠨ ᠤ ᠠᠵᠢᠯ ᠵᠢᠴᠢ ᠤᠢᠢᠷ᠎ᠠ ᠶᠢᠨ ᠬᠤᠭᠤᠴᠠᠭᠠᠨ ᠤ ᠵᠠᠬᠢᠳᠠᠯ ᠰᠤᠷᠪᠤᠯᠵᠢᠯᠠᠭ᠎ᠠ ᠶᠢᠨ | ᠠᠵᠢᠯ ᠤᠨ ᠪᠠᠶᠢᠳᠠᠯ ᠢ ᠰᠣᠨᠣᠰᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ | ᠪᠠᠶᠢᠷᠢᠯᠠᠭᠤᠯᠪᠠ︔ ᠬᠤᠷᠠᠯ ᠠᠴᠠ ︽ᠰᠦᠩᠱᠠᠨ ᠲᠣᠭᠤᠷᠢᠭ ᠤᠨ ᠥᠪᠡᠷᠲᠡᠭᠡᠨ ᠪᠠᠷᠢᠭᠰᠠᠨ ᠣᠷᠣᠨ ᠰᠠᠭᠤᠴᠠ ᠶᠢᠨ | ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠲᠥᠰᠦᠯ︾᠂ ︽ᠰᠦᠩᠱᠠᠨ ᠲᠣᠭᠤᠷᠢᠭ ᠤᠨ | ᠡᠮᠡᠭᠲᠡᠶᠢᠴᠦᠳ ᠤᠨ ᠬᠥᠭᠵᠢᠯᠲᠡ ᠶᠢᠨ ᠲᠥᠯᠥᠪᠵᠢᠭᠦᠯᠭᠡ ︵2021 — 2030 ᠣᠨ︶︾ ᠪᠣᠯᠤᠨ ︽ | ᠰᠦᠩᠱᠠᠨ ᠲᠣᠭᠤᠷᠢᠭ ᠤᠨ ᠬᠡᠦᠬᠡᠳ ᠤᠨ ᠬᠥᠭᠵᠢᠯᠲᠡ ᠶᠢᠨ ᠲᠥᠯᠥᠪᠵᠢᠭᠦᠯᠭᠡ ︵2021 — 2030 ᠣᠨ︶︾ | ᠶᠢ ᠬᠢᠨᠠᠨ ᠵᠥᠪᠯᠡᠵᠦ ᠪᠠᠲᠤᠯᠠᠪᠠ︔ ᠬᠤᠷᠠᠯ ᠠᠴᠠ ᠪᠠᠰᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠯᠭᠠᠯᠲᠠ ᠬᠢᠵᠦ ᠰᠣᠷᠣᠭᠴᠢ ᠡᠯᠰᠡᠬᠦ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠬᠡᠷᠡᠭᠵᠢᠭᠦᠯᠬᠦ ᠲᠥᠰᠦᠯ︾ ᠢ ᠤᠯᠠᠮᠵᠢᠯᠠᠪᠠ᠃ | ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠪᠦᠯᠦᠭ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢᠨ ᠬᠡᠷᠡᠭᠯᠡᠯᠲᠡ ᠶᠢᠨ ᠲᠥᠯᠥᠪᠯᠡᠭᠡ᠂ ᠰᠢᠨᠵᠢᠯᠡᠬᠦ | ᠤᠬᠠᠭᠠᠨ ᠮᠡᠷᠭᠡᠵᠢᠯ ᠤᠨ ᠣᠷᠳᠣᠨ ᠤ ᠵᠠᠰᠠᠯ ᠴᠢᠮᠡᠭᠯᠡᠯ ᠵᠢᠴᠢ ᠲᠥᠬᠦᠭᠡᠷᠦᠮᠵᠢ ᠬᠤᠳᠠᠯᠳᠤᠨ ᠠᠪᠬᠤ ᠶᠠᠪᠤᠳᠠᠯ ᠢ | ᠵᠡᠷᠭᠡᠪᠡᠷ ᠰᠤᠳᠤᠯᠵᠠᠢ᠃ | ᠰᠦᠩᠱᠠᠨ ᠲᠣᠭᠤᠷᠢᠭ ᠤᠨ ᠤᠳᠤᠷᠢᠳᠤᠯᠭ᠎ᠠ ᠯᠢᠶᠠᠩ ᠮᠢᠩ ᠽᠧ᠂ ᠵᠢᠶᠠ ᡁᠢ ᠬᠤᠩ᠂ ᠶᠠᠩ ᠯᠢ ᠬᠦᠩ᠂ | ᠰᠢᠤᠢ ᠹᠸᠢ ᠶᠠᠨ᠂ ᠢᠦᠢ ᠬᠤᠩ ᠯᠢᠨ᠂ ᠢᠦᠢ ᠬᠤᠸᠠ ᠶᠠᠨ᠂ ᠲᠠᠩ ᠲᠢᠩ ᠲᠢᠩ ᠬᠤᠷᠠᠯ ᠳᠤ ᠣᠷᠣᠯᠴᠠᠪᠠ᠃ |