ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠣᠬᠢᠷᠠᠭᠤᠯᠤᠯᠲᠠ ᠶᠣᠰᠣᠭᠠᠷ᠂ ᠨᠠᠷᠢᠨ | ᠬᠢᠨᠠᠮᠠᠭᠠᠶ ᠰᠤᠳᠤᠯᠬᠤ ᠪᠠᠷ ᠳᠡᠮᠵᠢᠨ᠂ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠶᠤᠯᠭᠦᠢ | ᠦᠢᠯᠡᠳᠪᠦᠷᠢᠯᠡᠯ ᠤᠨ ᠵᠥᠪᠯᠡᠯ ᠠᠴᠠ ︽ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠤᠨ | ᠲᠥᠰᠦᠯ︾ ᠢ ᠲᠤᠭᠤᠷᠪᠢᠵᠤ᠂ ᠡᠳᠦᠭᠡ ᠬᠤᠯᠪᠣᠭᠳᠠᠯ ᠪᠥᠬᠦᠶ ᠪᠠᠶᠢᠳᠠᠯ ᠢ ᠳᠣᠤᠷᠠᠬᠢ ᠮᠡᠲᠦ ᠲᠠᠶᠢᠯᠪᠤᠷᠢᠯᠠᠶ᠎ᠠ᠄ | ᠨᠢᠭᠡ᠂ ᠲᠤᠰ ᠵᠦᠢᠯ ᠤᠨ ᠠᠵᠢᠯᠯᠠᠭ᠎ᠠ ᠶᠢ ᠥᠷᠨᠢᠭᠦᠯᠦᠭᠰᠡᠨ ᠠᠬᠤᠶ ᠪᠠᠶᠢᠳᠠᠯ ᠪᠠ ᠵᠣᠷᠢᠯᠭ᠎ᠠ | ᠰᠢ ᠶᠢᠨ ᠫᠢᠩ ᠶᠡᠷᠦᠩᠬᠡᠶ ᠱᠦᠵᠢ ᠶᠢᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠶᠤᠯᠭᠦᠶ ᠦᠢᠯᠡᠳᠪᠦᠷᠢᠯᠡᠯ ᠤᠨ ᠤᠯᠠᠭᠠᠨ | ᠱᠤᠭᠤᠮ ᠤᠨ ᠤᠬᠠᠮᠰᠠᠷ ᠪᠠ ᠳᠣᠣᠷᠠᠳᠤ ᠱᠤᠭᠤᠮ ᠤᠨ ᠰᠡᠳᠬᠢᠬᠦᠶ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠠᠮ | ᠵᠠᠰᠠᠭ ᠤᠨ ᠤᠳᠤᠷᠢᠳᠤᠯᠭ᠎ᠠ ᠪᠣᠯᠤᠨ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢᠨ ᠰᠢᠰᠲ᠋ᠧᠮ ᠢ | ᠨᠢᠭᠲᠠ ᠪᠥᠭᠡᠳ ᠪᠠᠲᠤ ᠪᠠᠬᠢ ᠪᠠᠶᠢᠭᠤᠯᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠡᠩ ᠬᠦᠴᠦᠲᠡᠢ ᠠᠷᠭ᠎ᠠ ᠬᠡᠮᠵᠢᠶ᠎ᠡ ᠠᠪᠴᠤ | ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠨ᠎ᠠ᠂ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ | ᠵᠥᠪᠯᠡᠯ ᠠᠴᠠ ︽ᠪᠦᠬᠦ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠤᠨ | ᠲᠥᠰᠦᠯ︾ ᠢ ᠳᠠᠷᠤᠮᠠᠯᠯᠠᠨ ᠲᠠᠷᠬᠠᠭᠠᠵᠤ᠂ ᠲᠤᠰ ᠡᠳᠦᠷ ᠠᠴᠠ ᠡᠬᠢᠯᠡᠨ 11 ᠰᠠᠷ᠎ᠠ ᠪᠣᠯᠲᠠᠯ᠎ᠠ᠂ ᠪᠦᠬᠦ | ᠲᠣᠭᠤᠷᠢᠭ ᠤᠨ ᠬᠡᠪᠴᠢᠶᠡᠨ ᠳᠤ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯᠯᠠᠭ᠎ᠠ | ᠥᠷᠨᠢᠭᠦᠯᠦᠨ᠎ᠡ᠃ | ᠬᠤᠶᠠᠷ᠂ ᠲᠥᠰᠦᠯ ᠤᠨ ᠭᠤᠣᠯ ᠠᠭᠤᠯᠭ᠎ᠠ | ᠲᠥᠰᠦᠯ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠳᠤᠷᠠᠳᠤᠭᠰᠠᠨ 15 ᠵᠤᠷᠪᠤᠰ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠭᠰᠠᠨ ᠤ ᠬᠠᠮᠲᠤ ᠨᠡᠭᠦᠷᠡᠰᠦᠨ ᠠᠭᠤᠷᠬᠠᠶ᠂ | ᠨᠡᠭᠦᠷᠡᠰᠦᠨ ᠤ ᠪᠤᠰᠤ ᠠᠭᠤᠷᠬᠠᠶ᠂ ᠠᠶᠤᠯᠲᠠᠶ ᠬᠢᠮᠢ ᠶᠢᠨ ᠪᠣᠳᠠᠰ᠂ ᠵᠠᠮ ᠲᠡᠭᠡᠭᠡᠪᠦᠷᠢ᠂ ᠪᠠᠷᠢᠯᠭ᠎ᠠ ᠶᠢᠨ ᠠᠵᠢᠯ᠂ | ᠬᠤᠲᠠ ᠪᠠᠯᠭᠠᠰᠤᠨ ᠤ ᠰᠢᠲᠠᠮᠠᠬᠠᠶ ᠬᠡᠶ᠂ ᠭᠠᠯ ᠤᠨᠲᠠᠷᠠᠭᠠᠬᠤ᠂ ᠠᠵᠤ ᠦᠢᠯᠡᠳᠪᠦᠷᠢ ᠠᠷᠠᠯᠵᠢᠶ᠎ᠠ ᠵᠡᠷᠭᠡ 8 | ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠶᠢ ᠭᠤᠤᠯᠳᠠᠯᠭ᠎ᠠ ᠲᠠᠢ ᠳᠣᠪᠤᠶᠢᠯᠭᠠᠵᠤ᠂ ᠡᠯ᠎ᠡ ᠬᠦᠷᠢᠶᠡᠨ ᠤ | ᠭᠤᠤᠯᠳᠠᠯᠭ᠎ᠠ ᠲᠠᠢ ᠪᠠᠶᠢᠴᠠᠭᠠᠬᠤ ᠵᠦᠢᠯᠡᠰ ᠢ ᠲᠣᠳᠣᠷᠬᠠᠶ ᠲᠣᠭᠲᠠᠭᠠᠪᠠ᠃ ᠶᠡᠭᠡ ᠪᠠᠶᠢᠴᠠᠭᠠᠯᠲᠠ ᠶᠢ ᠨᠠᠶᠢᠳᠠ | ᠭᠤᠷᠪᠠᠨ ᠱᠠᠳᠤ ᠬᠤᠪᠢᠶᠠᠪᠠ᠂ 4 ᠰᠠᠷ᠎ᠠ ᠶᠢᠨ 30 ᠤ ᠡᠳᠦᠷ ᠠᠴᠠ ᠡᠮᠦᠨ᠎ᠡ ᠪᠣᠯ ᠲᠠᠶᠢᠴᠢᠯᠠᠯᠳᠠ | ᠪᠠᠶᠢᠷᠢᠯᠠᠭᠤᠯᠤᠯᠲᠠ ᠶᠢᠨ ᠱᠠᠳᠤ ᠪᠣᠯᠤᠨ᠎ᠠ᠂ ᠡᠯ᠎ᠡ ᠭᠠᠵᠠᠷ ᠣᠷᠣᠨ ᠡᠯ᠎ᠡ ᠨᠢᠭᠡᠴᠡ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠵᠤ᠂ ᠲᠥᠰᠦᠯ ᠲᠣᠭᠲᠠᠭᠠᠵᠤ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ | ᠲᠣᠳᠣᠷᠬᠠᠶᠢᠯᠠᠵᠤ᠂ ᠦᠳᠲᠡᠷ ᠲᠦᠷᠭᠡᠨ ᠲᠠᠶᠢᠴᠢᠯᠠᠯᠳᠠ ᠬᠢᠵᠦ ᠪᠠᠶᠢᠷᠢᠯᠠᠭᠤᠯᠤᠨ᠎ᠠ᠃ 5 ᠳ᠋ᠤᠭᠠᠷ ᠰᠠᠷ᠎ᠠ ᠶᠢᠨ 1 ᠤ | ᠡᠳᠦᠷ ᠠᠴᠠ 10 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠱᠠᠲᠤ | ᠦᠶ᠎ᠡ ᠳᠤ᠂ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠦᠷᠦᠭᠦᠯᠡᠨ᠂ | ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠳᠤᠭᠤᠶᠢᠯᠠᠩ ᠢ ᠪᠦᠷᠢᠯᠳᠦᠭᠦᠯᠵᠦ᠂ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠦᠨ᠎ᠡ᠃ 10 ᠰᠠᠷ᠎ᠠ ᠶᠢᠨ 16 ᠤ ᠡᠳᠦᠷ ᠠᠴᠠ 11 ᠰᠠᠷ᠎ᠠ ᠶᠢᠨ | 15 ᠤ ᠡᠳᠦᠷ ᠪᠣᠯᠲᠠᠯ᠎ᠠ ᠪᠣᠯ ᠳ᠋ᠦᠩᠨᠡᠨ ᠳᠡᠭᠡᠭᠰᠢᠯᠡᠭᠦᠯᠬᠦ ᠱᠠᠲᠤ ᠦᠶ᠎ᠡ ᠪᠣᠯᠤᠨ᠎ᠠ᠂ ᠠᠰᠠᠭᠤᠳᠠᠯ ᠢ ᠪᠥᠬᠦ ᠲᠠᠯ᠎ᠠ ᠪᠠᠷ | ᠡᠮᠬᠢᠯᠡᠨ᠂ ᠲᠤᠷᠰᠢᠯᠭ᠎ᠠ ᠪᠠᠨ ᠳ᠋ᠦᠩᠨᠡᠵᠦ᠂ ᠦᠷ᠎ᠡ ᠪᠦᠲᠦᠭᠡᠯ ᠢᠶᠠᠨ ᠪᠠᠲᠤᠳᠬᠠᠨ᠎ᠠ᠃ ᠲᠣᠭᠤᠷᠢᠭ ᠤᠨ ᠠᠶᠤᠯᠭᠦᠶ | ᠦᠢᠯᠡᠳᠪᠦᠷᠢᠯᠡᠯ ᠤᠨ ᠵᠥᠪᠯᠡᠯ ᠶᠡᠷᠦᠩᠬᠡᠶ ᠲᠤᠬᠢᠷᠠᠭᠤᠯᠵᠤ᠂ 4 ᠳ᠋ᠦ᠋ᠭᠡᠷ ᠰᠠᠷ᠎ᠠ ᠳᠤ ᠲᠥᠰᠦᠯ ᠢᠶᠠᠨ ᠮᠡᠳᠡᠭᠦᠯᠬᠦ᠂ 10 | ᠳ᠋ᠤᠭᠠᠷ ᠰᠠᠷ᠎ᠠ ᠶᠢᠨ ᠰᠡᠭᠦᠯᠴᠢ ᠳᠤ ᠮᠡᠳᠡᠭᠦᠯᠦᠨ ᠳ᠋ᠦᠩᠨᠡᠬᠦ᠂ ᠭᠠᠷᠠᠭ ᠪᠦᠷᠢ ᠨᠢᠭᠡ ᠤᠳᠠᠭ᠎ᠠ ᠮᠡᠳᠡᠭᠦᠯᠬᠦ᠂ ᠰᠠᠷ᠎ᠠ ᠪᠦᠷᠢ | ᠨᠢᠭᠡ ᠤᠳᠠᠭ᠎ᠠ ᠳᠣᠭᠢᠷᠠᠭᠤᠯᠬᠤ ᠠᠷᠭ᠎ᠠ ᠮᠠᠶ᠋ᠢᠭ ᠢ ᠬᠡᠷᠡᠭᠵᠢᠭᠦᠯᠬᠦ ᠶᠢᠨ ᠬᠠᠮᠲᠤ ᠣᠯᠵᠤ ᠮᠡᠳᠡᠭᠰᠡᠨ ᠠᠰᠠᠭᠤᠳᠠᠯ ᠢ ᠴᠠᠭ | ᠲᠤᠬᠠᠶ ᠳᠤᠨᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠤᠨ᠎ᠠ᠃ |