︽ᠰᠦᠩᠱᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ ᠪᠠᠶᠢᠰᠢᠩ ᠤᠨ ᠵᠠᠰᠠᠯ ᠴᠢᠮᠡᠭᠯᠡᠯ ᠤᠨ ᠨᠥᠬᠦᠪᠥᠷᠢ ᠶᠢᠨ ᠬᠠᠮᠢᠶᠠᠷᠤᠯᠲᠠ ᠶᠢᠨ ᠠᠷᠭ᠎ᠠ  ︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/8/23
      ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ︽ᠰᠦᠩᠱᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ ᠪᠠᠶᠢᠰᠢᠩ ᠢ ᠵᠠᠰᠠᠵᠤ ᠴᠢᠮᠡᠭᠯᠡᠬᠦ ᠳᠤ ᠨᠥᠬᠦᠪᠥᠷᠢ ᠥᠭᠬᠦ ᠬᠠᠮᠢᠶᠠᠷᠤᠯᠲᠠ ᠶᠢᠨ ᠠᠷᠭ᠎ᠠ︾ ᠶᠢᠨ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠬᠤᠯᠪᠣᠭᠳᠠᠯ ᠪᠥᠬᠦᠶ ᠤᠴᠢᠷ ᠶᠠᠪᠤᠳᠠᠯ ᠳᠤ ᠴᠢᠭᠯᠡᠭᠦᠯᠦᠨ᠂ ᠮᠥᠩᠭᠦᠨ ᠭᠦᠢᠯᠭᠡᠭᠡ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠠᠴᠠ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠪᠠ᠂ ᠪᠣᠳᠠᠲᠠᠶ ᠪᠠᠷ ᠬᠡᠯᠡᠪᠡᠯ ᠳᠣᠤᠷᠠᠬᠢ ᠮᠡᠲᠦ᠄      ᠨᠢᠭᠡ᠂ ᠪᠢᠴᠢᠭ ᠮᠠᠲ᠋ᠧᠷᠢᠶᠠᠯ ᠢ ᠲᠤᠭᠤᠷᠪᠢᠭᠰᠠᠨ ᠠᠬᠤᠶ ᠪᠠᠶᠢᠳᠠᠯ      2022 ᠣᠨ ᠤ 3 ᠰᠠᠷ᠎ᠠ ᠶᠢᠨ 1 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠪᠠᠲᠤᠯᠠᠭᠰᠠᠨ ︽ᠤᠯᠠᠭᠠᠨᠬᠠᠳᠠ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠲᠠᠲᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ᠪᠠᠷ ᠦᠨᠳᠦᠰᠦᠯᠡᠯ ᠪᠣᠯᠭᠠᠵᠤ᠂ ᠰᠦᠩᠱᠠᠨ ᠲᠣᠭᠤᠷᠢᠭ ᠤᠨ ᠬᠤᠳᠠᠯᠳᠤᠭᠠᠴᠢᠨ ᠤᠷᠢᠵᠤ ᠪᠠᠯᠠ ᠲᠠᠲᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠶᠢᠨ ᠲᠥᠯᠥᠭᠡ᠂ ᠡᠨᠡ ᠬᠦ ︽ᠠᠷᠭ᠎ᠠ︾ ᠶᠢ ᠨᠡᠶᠢᠲᠡᠯᠡᠪᠡ᠃      ᠬᠤᠶᠠᠷ᠂ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠵᠣᠷᠢᠯᠭ᠎ᠠ      ᠰᠦᠩᠱᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠦᠷᠢᠳᠬᠡᠨ ᠳᠠᠩᠰᠠᠯᠠᠭᠤᠯᠵᠤ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ᠂ ᠮᠠᠰᠢᠨ ᠲᠡᠷᠭᠡᠨ ᠤ ᠰᠡᠯᠪᠢᠭ ᠲᠣᠨᠤᠭ᠂ ᠬᠡᠷ ᠤᠨ ᠴᠠᠬᠢᠯᠭᠠᠨ ᠬᠡᠷᠡᠭᠰᠡᠯ ᠵᠢᠴᠢ ᠣᠶᠤᠨᠴᠢ ᠦᠢᠯᠡᠳᠬᠦ ᠠᠵᠢᠯ ᠡᠷᠭᠢᠯᠡᠵᠦ ᠪᠥᠬᠦᠶ ᠠᠵᠤ ᠠᠬᠤᠶᠢᠯᠠᠯ ᠢ ᠵᠣᠷᠢᠭᠵᠢᠭᠤᠯᠤᠨ᠂ ᠮᠠᠨ ᠤ ᠲᠣᠭᠤᠷᠢᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢ ᠴᠢᠩᠭᠠᠷᠠᠭᠤᠯᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃      ᠭᠤᠷᠪᠠ᠂ ᠪᠢᠴᠢᠭ ᠮᠠᠲ᠋ᠧᠷᠢᠶᠠᠯ ᠳᠤ ᠶᠠᠮᠠᠷ ᠶᠠᠮᠠᠷ ᠠᠭᠤᠯᠭ᠎ᠠ ᠶᠢ ᠪᠠᠭᠲᠠᠭᠠᠬᠤ ᠪᠤᠢ      ᠬᠦᠷᠢᠶᠡᠯᠡᠩ ᠲᠣᠭᠤᠷᠢᠭ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠪᠠᠶᠢᠰᠢᠩ ᠳᠤ ᠣᠷᠣᠵᠤ ᠰᠠᠭᠤᠭᠰᠠᠨ ᠮᠠᠰᠢᠨ ᠲᠡᠷᠭᠡᠨ ᠤ ᠰᠡᠯᠪᠢᠭ ᠲᠣᠨᠤᠭ ᠦᠢᠯᠡᠳᠬᠦ ᠠᠵᠤ ᠠᠬᠤᠶᠢᠯᠠᠯ ᠳᠤ ᠲᠡᠭᠰᠢ ᠳᠥᠷᠪᠡᠯᠵᠢᠨ ᠮᠧᠲᠷ ᠪᠦᠷᠢ ᠳᠤ 220 ᠲᠥᠭᠦᠷᠢᠭ ᠤᠨ ᠵᠠᠰᠠᠯ ᠴᠢᠮᠡᠭᠯᠡᠯ ᠤᠨ ᠨᠥᠬᠦᠪᠥᠷᠢ ᠣᠯᠭᠤᠨ᠎ᠠ︔ ᠭᠡᠷ ᠤᠨ ᠴᠠᠬᠢᠯᠭᠠᠨ ᠬᠡᠷᠡᠭᠰᠡᠯ ᠦᠢᠯᠡᠳᠬᠦ ᠠᠵᠤ ᠠᠬᠤᠶᠢᠯᠠᠯ ᠳᠤ ᠲᠡᠭᠰᠢ ᠳᠥᠷᠪᠡᠯᠵᠢᠨ ᠮᠧᠲᠷ ᠪᠦᠷᠢ ᠳᠤ 500 ᠲᠥᠭᠦᠷᠢᠭ ᠤᠨ ᠵᠠᠰᠠᠯ ᠴᠢᠮᠡᠭᠯᠡᠯ ᠤᠨ ᠨᠥᠬᠦᠪᠥᠷᠢ ᠥᠭᠭᠦᠨ᠎ᠡ︔ ᠤᠶᠤᠯᠢᠭ ᠦᠢᠯᠡᠳᠬᠦ ᠠᠵᠤ ᠠᠬᠤᠶᠢᠯᠠᠯ ᠳᠤ ᠲᠡᠭᠰᠢ ᠳᠥᠷᠪᠡᠯᠵᠢᠨ ᠮᠧᠲᠷ ᠪᠦᠷᠢ ᠳᠤ 700 ᠲᠥᠭᠦᠷᠢᠭ ᠤᠨ ᠵᠠᠰᠠᠯ ᠴᠢᠮᠡᠭᠯᠡᠯ ᠤᠨ ᠨᠥᠬᠦᠪᠥᠷᠢ ᠣᠯᠭᠤᠨ᠎ᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号