ᠰᠦᠩᠱᠠᠨ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ︽ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠦᠢᠯᠡᠴᠢᠯᠡᠭᠡ ᠡᠵᠡᠩᠨᠡᠯᠲᠡ ᠶᠢᠨ ᠠᠵᠢᠯ ᠤᠨ ᠵᠦᠭᠯᠡᠭᠦᠷ︾ ᠤᠨ ᠲᠤᠬᠠᠶ ᠲᠠᠶᠢᠯᠤᠮᠵᠢ
ᠨᠡᠶᠢᠲᠡᠯᠡᠭᠰᠡᠨ ᠴᠠᠭ᠄
2022/8/23
      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠤᠭᠠᠴᠠᠯ ᠤᠨ ᠲᠢᠩᠬᠢᠮ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠤᠭᠠᠴᠠᠯ ᠤᠨ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠦᠢᠯᠡᠴᠢᠯᠡᠭᠡ ᠡᠵᠡᠩᠨᠡᠯᠲᠡ ᠶᠢᠨ ᠠᠵᠢᠯ ᠤᠨ ᠵᠦᠭᠯᠡᠭᠦᠷ ᠢ ᠳᠠᠷᠤᠮᠠᠯᠯᠠᠨ ᠲᠠᠷᠬᠠᠭᠠᠵᠤ᠂ ᠡᠭᠦᠨ ᠳᠤ ︽ᠵᠢᠭᠤᠯᠴᠢᠯᠠᠯ ᠤᠨ ᠦᠵᠡᠮᠵᠢ ᠶᠢᠨ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ  ᠦᠢᠯᠡᠴᠢᠯᠡᠭᠡ ᠡᠵᠡᠩᠨᠡᠯᠲᠡ ᠶᠢᠨ ᠠᠵᠢᠯ ᠤᠨ ᠵᠦᠭᠯᠡᠭᠦᠷ︾ ︽ᠵᠢᠭᠤᠯᠴᠢᠯᠠᠯ ᠤᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠬᠢᠭᠡᠳ ᠦᠢᠯᠡᠴᠢᠯᠡᠭᠡ ᠡᠵᠡᠩᠨᠡᠯᠲᠡ ᠶᠢᠨ ᠠᠵᠢᠯ ᠤᠨ ᠵᠦᠭᠯᠡᠭᠦᠷ︾ ︽ᠲᠢᠶᠠᠲᠷ ᠵᠡᠷᠭᠡ ᠲᠣᠭᠯᠠᠯᠲᠠ ᠶᠢᠨ ᠲᠠᠯᠠᠪᠤᠷ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠬᠢᠭᠡᠳ ᠦᠢᠯᠡᠴᠢᠯᠡᠭᠡᠨ ᠤ ᠡᠵᠡᠩᠨᠡᠯᠲᠡ ᠶᠢᠨ ᠠᠵᠢᠯ ᠤᠨ ᠵᠦᠭᠯᠡᠭᠦᠷ︾ ︽ᠢᠨᠲ᠋ᠧᠷ ᠰᠦᠯᠵᠢᠶᠡᠨ ᠤ ᠰᠦᠯᠵᠢᠶᠡᠨ ᠳᠤ ᠭᠠᠷᠬᠤ ᠦᠢᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠬᠢᠭᠡᠳ ᠦᠢᠯᠡᠴᠢᠯᠡᠭᠡᠨ ᠤ ᠡᠵᠡᠩᠨᠡᠯᠲᠡ ᠶᠢᠨ ᠠᠵᠢᠯ ᠤᠨ ᠵᠦᠭᠯᠡᠭᠦᠷ︾ ︽ᠵᠤᠭ᠎ᠠ ᠴᠡᠩᠭᠡᠯ ᠤᠨ ᠲᠠᠯᠠᠪᠤᠷ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠬᠢᠭᠡᠳ ᠦᠢᠯᠡᠴᠢᠯᠡᠭᠡᠨ ᠤ ᠡᠵᠡᠩᠨᠡᠯᠲᠡ ᠶᠢᠨ ᠠᠵᠢᠯ ᠤᠨ ᠵᠦᠭᠯᠡᠭᠦᠷ︾ ︽ᠣᠯᠠᠨ ᠨᠡᠶᠢᠲᠡ ᠶᠢᠨ ᠨᠣᠮ ᠤᠨ ᠰᠠᠩ᠂ ᠰᠣᠶᠣᠯ ᠤᠨ ᠣᠷᠳᠣᠨ ︵ᠥᠷᠲᠡᠭᠡ︶ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠬᠢᠭᠡᠳ ᠦᠢᠯᠡᠴᠢᠯᠡᠭᠡᠨ ᠤ ᠡᠵᠡᠩᠨᠡᠯᠲᠡ ᠶᠢᠨ ᠠᠵᠢᠯ ᠤᠨ ᠵᠦᠭᠯᠡᠭᠦᠷ︾ ᠢ ᠪᠠᠭᠲᠠᠭᠠᠨ᠎ᠠ᠃ ︽ᠵᠦᠭᠯᠡᠭᠦᠷ︾  ᠲᠤ ᠲᠠᠯᠠᠪᠤᠷ ᠭᠠᠵᠠᠷ ᠤᠨ ᠰᠡᠷᠭᠡᠶᠢᠯᠡᠯᠲᠡ᠂ ᠠᠵᠢᠯᠲᠠᠨ ᠤ ᠬᠠᠮᠠᠭᠠᠯᠠᠯᠲᠠ᠂ ᠣᠯᠠᠨ ᠨᠡᠶᠢᠲᠡ ᠶᠢᠨ ᠬᠠᠮᠠᠭᠠᠯᠠᠯᠲᠠ ᠵᠡᠷᠭᠡ ᠡᠯ᠎ᠡ ᠲᠠᠯ᠎ᠠ ᠳᠤ ᠴᠢᠭᠯᠡᠭᠦᠯᠦᠨ ᠨᠠᠷᠢᠨ ᠲᠣᠳᠣᠷᠬᠠᠶ ᠲᠣᠭᠲᠠᠭᠠᠯ ᠭᠠᠷᠭᠠᠵᠠᠶ᠃      ᠵᠦᠭᠯᠡᠭᠦᠷ ᠱᠠᠭᠠᠷᠳᠠᠭᠰᠠᠨ ᠨᠢ᠂ ᠬᠡᠪ ᠤᠨ ᠪᠠᠶᠢᠳᠠᠯ ᠢᠶᠠᠷ ᠰᠡᠷᠭᠡᠶᠢᠯᠡᠨ ᠡᠵᠡᠮᠳᠡᠬᠦ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ᠂ ᠨᠠᠷᠢᠯᠢᠭ ᠣᠨᠣᠴᠠᠲᠠᠶ ᠪᠠᠷ ᠰᠡᠷᠭᠡᠶᠢᠯᠡᠨ ᠡᠵᠡᠮᠳᠡᠬᠦ ᠶᠢ ᠪᠠᠷᠢᠮᠲᠠᠯᠠᠬᠤ ᠶᠡᠷᠦᠩᠬᠡᠶ ᠱᠠᠭᠠᠷᠳᠠᠯᠭ᠎ᠠ ᠶᠣᠰᠣᠭᠠᠷ᠂ ᠲᠠᠯᠠᠪᠤᠷ ᠭᠠᠵᠠᠷ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠠᠵᠢᠯᠲᠠᠨ ᠠᠵᠢᠯᠴᠢᠨ ᠤ ᠡᠷᠡᠭᠦᠯ ᠮᠡᠨᠳᠦ ᠶᠢ ᠬᠢᠨᠠᠨ ᠬᠡᠮᠵᠢᠬᠦ ᠪᠠ ᠣᠷᠴᠢᠨ ᠲᠣᠭᠤᠷᠢᠨ ᠤ ᠠᠷᠢᠭᠤᠳᠬᠠᠵᠤ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ ᠲᠠᠯᠠᠪᠤᠷ ᠭᠠᠵᠠᠷ ᠤᠨ ᠰᠡᠷᠭᠡᠶᠢᠯᠡᠨ ᠡᠵᠡᠮᠳᠡᠬᠦ ᠶᠢ ᠰᠠᠶᠢᠲᠤᠷ ᠬᠢᠵᠦ᠂ ᠳᠣᠲᠣᠭᠠᠳᠤ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ  ᠶᠢ ᠰᠠᠶᠢᠲᠤᠷ ᠬᠢᠵᠦ᠂ ᠮᠡᠳᠡᠭᠦᠯᠬᠦ ᠲᠦᠷᠢᠮ ᠢ ᠨᠠᠶᠢᠳᠠᠪᠤᠷᠢᠵᠢᠭᠤᠯᠤᠨ᠂ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠠᠶᠤᠯ ᠲᠦᠭᠰᠢᠭᠦᠷᠢ ᠶᠢᠨ ᠳᠠᠯᠳᠠ ᠬᠡᠮ ᠢ ᠠᠷᠢᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠦᠨᠡᠨᠬᠦ ᠪᠠᠬᠢᠵᠢᠭᠦᠯᠬᠦ ᠬᠡᠷᠡᠭᠲᠡᠢ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号