ᠰᠦᠩᠱᠠᠨ ᠲᠣᠭᠤᠷᠢᠭ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠷᠭᠢᠯᠲᠡ ᠶᠢ ᠲᠦᠷᠭᠡᠳᠬᠡᠨ ᠠᠬᠢᠭᠤᠯᠤᠨ᠎ᠠ
ᠨᠡᠶᠢᠲᠡᠯᠡᠭᠰᠡᠨ ᠴᠠᠭ᠄
2022/8/23
      ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠲᠦᠷᠢᠮ ᠢ ᠲᠣᠭᠲᠠᠪᠤᠷᠢᠵᠢᠭᠤᠯᠤᠨ ᠲᠡᠭᠦᠯᠳᠡᠷᠵᠢᠭᠦᠯᠵᠦ᠂ ᠤᠳᠤ ᠪᠠᠶᠢᠭ᠎ᠠ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠶᠢᠨ ᠲᠣᠭᠲᠠᠭᠤᠨ ᠪᠠᠶᠢᠬᠤ ᠶᠢ ᠪᠠᠲᠤᠯᠠᠭᠰᠠᠨ ᠤᠷᠢᠲᠠᠯ ᠳᠣᠣᠷ᠎ᠠ᠂ ᠰᠦᠩᠱᠠᠨ ᠲᠣᠭᠤᠷᠢᠭ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠷᠭᠢᠯᠲᠡ ᠶᠢ ᠲᠦᠷᠭᠡᠳᠬᠡᠵᠦ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠥᠮᠴᠢᠯᠡᠯ ᠤᠨ ᠡᠷᠬᠡ᠂ ᠳᠠᠭᠠᠭᠠᠴᠢᠯᠠᠯᠲᠠ ᠶᠢᠨ ᠡᠷᠬᠡ ᠪᠠ ᠡᠵᠡᠩᠨᠡᠯᠲᠡ ᠶᠢᠨ ᠡᠷᠬᠡ ᠶᠢ ᠰᠠᠯᠭᠠᠬᠤ ᠶᠢ ᠬᠡᠷᠡᠭᠵᠢᠭᠦᠯᠪᠡ᠃ ᠬᠠᠮᠲᠤ ᠶᠢᠨ ᠥᠮᠴᠢᠯᠡᠯ ᠤᠨ ᠡᠷᠬᠡ ᠶᠢ ᠪᠠᠷᠢᠮᠲᠠᠯᠠᠨ᠂ ᠲᠠᠷᠢᠶᠠᠴᠢᠨ ᠡᠷᠦᠭᠡ ᠶᠢᠨ ᠳᠠᠭᠠᠭᠠᠴᠢᠯᠠᠯᠲᠠ ᠶᠢᠨ ᠡᠷᠬᠡ ᠶᠢ ᠲᠣᠭᠲᠠᠪᠤᠷᠢᠵᠢᠭᠤᠯᠵᠤ᠂ ᠡᠵᠡᠩᠨᠡᠯᠲᠡ ᠶᠢᠨ ᠬᠡᠷᠡᠭᠯᠡᠬᠦ ᠡᠷᠬᠡ ᠶᠢ ᠠᠮᠢᠳᠤᠯᠢᠭ ᠪᠤᠯᠭᠠᠪᠠ᠃ ᠣᠳᠣᠬᠠᠨ ᠳᠤ᠂ ᠪᠥᠬᠦ ᠲᠤᠭᠤᠷᠢᠭ ᠤᠨ ᠬᠡᠷ ᠪᠦᠯᠢ ᠶᠢᠨ ᠳᠠᠭᠠᠭᠠᠴᠢᠯᠠᠭᠰᠠᠨ ᠲᠠᠷᠢᠶᠠᠨ ᠭᠠᠵᠠᠷ ᠤᠨ ᠲᠠᠯᠠᠪᠠᠶ 198 ᠲᠦᠮᠡᠨ ᠮᠥ᠂ ᠲᠠᠷᠢᠶᠠᠨ ᠭᠠᠵᠠᠷ ᠤᠨ ᠡᠷᠭᠢᠯᠲᠡ ᠶᠢᠨ ᠶᠡᠷᠦᠩᠬᠡᠶ ᠲᠠᠯᠠᠪᠠᠶ 122.76 ᠲᠦᠮᠡᠨ ᠮᠥ᠂ ᠭᠠᠵᠠᠷ ᠰᠢᠷᠣᠶ ᠶᠢᠨ ᠡᠷᠭᠢᠯᠲᠡ ᠶᠢᠨ ᠨᠣᠷᠮ᠎ᠠ 62%᠂ ᠡᠷᠭᠢᠯᠲᠡ ᠳᠤ ᠬᠤᠯᠪᠣᠭᠳᠠᠭᠰᠠᠨ ᠲᠠᠷᠢᠶᠠᠴᠢᠨ ᠡᠷᠦᠬᠡ 5.5 ᠲᠦᠮᠡᠨ ᠡᠷᠦᠬᠡ ᠪᠠᠶᠢᠵᠤ᠂ ᠡᠷᠭᠢᠯᠲᠡ ᠶᠢᠨ ᠭᠡᠷ᠎ᠡ 2 ᠲᠦᠮᠡᠨ ᠬᠤᠪᠢ ᠲᠣᠭᠲᠠᠵᠤ᠂ ᠡᠷᠭᠢᠯᠲᠡ ᠶᠢᠨ ᠭᠡᠷ᠎ᠡ ᠲᠣᠭᠲᠠᠭᠰᠠᠨ ᠲᠠᠯᠠᠪᠠᠶ 3.8 ᠲᠦᠮᠡᠨ ᠮᠥ ᠪᠤᠯᠤᠨ᠎ᠠ᠃ ᠡᠷᠭᠢᠯᠲᠡ ᠶᠢᠨ ᠠᠷᠭ᠎ᠠ ᠮᠠᠶ᠋ᠢᠭ ᠨᠢ 85.76 ᠲᠦᠮᠡᠨ ᠮᠥ ᠶᠢ ᠰᠢᠯᠵᠢᠭᠦᠯᠦᠨ ᠳᠠᠭᠠᠭᠠᠴᠢᠯᠠᠭᠤᠯᠵᠤ᠂ 37 ᠲᠦᠮᠡᠨ ᠮᠥ ᠶᠢ ᠲᠦᠷᠢᠶᠠᠰᠦᠯᠡᠭᠦᠯᠪᠡ᠃
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号