ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/8/24
      8 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠱᠦᠨ᠂ ᠳᠡᠳ᠋ ᠡᠷᠬᠢᠯᠡᠭᠴᠢ ᠶᠤᠸᠠᠨ ᠴᠦᠨ ᠯᠢ᠂ ᠰᠦᠨ ᠵᠧᠨ ᠬᠠᠶ᠂ ᠱᠢ ᠵᠢᠶᠠᠨ ᠪᠢᠨ᠂ ᠯᠢ ᠭᠦᠸᠧ ᠯᠢᠨ ᠬᠤᠷᠠᠯ ᠳᠤ ᠣᠷᠣᠯᠴᠠᠪᠠ︔ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠣᠣ ᠶᠠ ᠳ᠋ᠦᠩ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠢᠦᠶ ᠬᠤᠩ ᠯᠢᠨ᠂ ᠲᠣᠭᠤᠷᠢᠭ ᠤᠨ ᠰᠢᠭᠦᠬᠦ ᠬᠤᠷᠢᠶᠠᠨ ᠤ ᠳᠠᠷᠤᠭ᠎ᠠ ᠴᠧᠨ ᠯᠢ ᠮᠢᠨ ᠨᠡᠷ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︽ᠰᠦᠩᠱᠠᠨ ᠲᠣᠭᠤᠷᠢᠭ ᠤᠨ 2022 ᠣᠨ ᠤ ᠳᠡᠭᠡᠷ᠎ᠡ ᠬᠠᠭᠠᠰ ᠵᠢᠯ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ︾ ︽ᠰᠦᠩᠱᠠᠨ ᠲᠣᠭᠤᠷᠢᠭ ᠤᠨ 2022 ᠣᠨ ᠤ ᠳᠡᠭᠡᠷ᠎ᠡ ᠬᠠᠭᠠᠰ ᠵᠢᠯ ᠤᠨ ᠲᠥᠰᠦᠪ ᠢ ᠭᠦᠢᠴᠡᠳᠬᠡᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ︾ ︽2021 ᠣᠨ ᠤ ᠲᠣᠭᠤᠷᠢᠭ ᠤᠨ ᠲᠣᠰ ᠱᠠᠲᠤᠨ ᠤ ᠲᠥᠰᠦᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠤᠨ ᠲᠤᠬᠠᠶ ᠬᠢᠨᠠᠨ ᠪᠤᠳᠤᠯᠲᠠ ᠶᠢᠨ ᠠᠵᠢᠯ ᠤᠨ ᠮᠡᠳᠡᠭᠦᠯᠦᠯᠲᠡ︾ ︽ᠪᠥᠬᠦ ᠲᠣᠭᠤᠷᠢᠭ ᠤᠨ ᠰᠣᠶᠣᠯ ᠵᠢᠭᠤᠯᠴᠢᠯᠠᠯ ᠤᠨ ᠠᠵᠤ  ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠤᠬᠠᠶ ᠮᠡᠳᠡᠭᠦᠯᠦᠯᠲᠡ︾ ᠶᠢ ᠰᠣᠨᠣᠰᠴᠤ ᠬᠢᠨᠠᠨ ᠵᠥᠪᠯᠡᠵᠦ ᠪᠠᠲᠤᠯᠠᠪᠠ︔ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠨ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ﹀ ᠪᠣᠯᠤᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠢ ᠰᠡᠷᠭᠡᠶᠢᠯᠡᠬᠦ ᠲᠦᠷᠢᠮ﹀ ᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠭᠰᠠᠨ ᠲᠤᠬᠠᠶ ᠮᠡᠳᠡᠭᠦᠯᠦᠯᠲᠡ︾ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ﹀ ᠶᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠭᠰᠠᠨ ᠲᠤᠬᠠᠶ ᠮᠡᠳᠡᠭᠦᠯᠦᠯᠲᠡ︾ ᠶᠢ ᠰᠣᠨᠣᠰᠴᠤ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠲᠥᠰᠦᠯ ᠢ ᠬᠢᠨᠠᠨ ᠶᠠᠷᠢᠯᠴᠠᠵᠤ ᠪᠠᠲᠤᠯᠠᠭᠠᠳ᠂ ᠲᠠᠩ ᠲᠢᠩ ᠲᠢᠩ ᠢ ᠰᠦᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠷ ᠲᠣᠮᠢᠯᠠᠪᠠ᠃ ᠸᠠᠩ ᠱᠦᠨ ᠰᠢᠨ᠎ᠡ ᠪᠠᠷ ᠲᠤᠰᠢᠶᠠᠯ ᠳᠤ ᠭᠠᠷᠤᠭᠰᠠᠨ ᠬᠥᠮᠦᠰ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠪᠠ᠃ ᠰᠢᠨ᠎ᠡ ᠪᠠᠷ ᠲᠤᠰᠢᠶᠠᠯ ᠳᠤ ᠭᠠᠷᠤᠭᠰᠠᠨ ᠬᠥᠮᠦᠰ ᠦᠨᠳᠦᠰᠦᠨ ᠬᠠᠤᠯᠢ ᠳᠤ ᠲᠥᠪ ᠴᠢᠩᠭ᠎ᠠ ᠪᠠᠷ ᠲᠠᠩᠭᠠᠷᠢᠭᠯᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号