ᠰᠤᠶᠤᠯᠴᠡᠴᠡᠭ ᠰᠦᠩᠱᠠᠨ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/8/24
      8 ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ᠂ ᠤᠯᠠᠭᠠᠨᠬᠠᠳᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠰᠤᠶᠤᠯᠴᠡᠴᠡᠭ ᠰᠦᠩᠱᠠᠨ ᠲᠣᠭᠤᠷᠢᠭ ᠲᠤ ᠬᠦᠷᠴᠦ ᠬᠤᠲᠠ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ᠂ ᠦᠨᠳᠦᠰᠦᠨ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠠᠵᠢᠯᠯᠠᠬᠤ ᠲᠠᠰᠤᠭ ᠤᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠵᠡᠷᠭᠡ ᠲᠠᠯ᠎ᠠ ᠪᠠᠷ ᠪᠠᠶᠢᠴᠠᠭᠠᠨ ᠰᠤᠳᠤᠯᠤᠯᠲᠠ ᠬᠢᠪᠠ᠃      ᠰᠤᠶᠤᠯᠴᠡᠴᠡᠭ ᠤᠷᠢᠳ ᠬᠤᠵᠢᠳ ᠵᠦᠩ ᠷᠦᠢ ᠾᠧᠩ ᠵᠢᠢ ᠪᠦᠯᠦᠭᠯᠡᠯ᠂ ᠢᠦᠢ ᠯᠦᠩ ᠵᠡᠭᠡᠯᠢ ᠭᠤᠳᠤᠮᠵᠢ ᠶᠢᠨ ᠬᠤᠶᠢᠲᠤ ᠸᠠᠩ ᠹᠦ᠋ ᠨᠡᠶᠢᠭᠡᠮ ᠲᠣᠭᠤᠷᠢᠭ ᠤᠨ ᠭᠡᠰᠢᠭᠦᠨ ᠤ ᠠᠵᠢᠯ ᠤᠨ ᠲᠠᠰᠤᠭ᠂ ᠤᠯᠠᠭᠠᠨᠬᠠᠳᠠ ᠶᠢᠨ ᠴᠢᠶᠠᠨ ᠺᠠᠢ ᠪᠠᠷᠢᠯᠭ᠎ᠠ ᠶᠢᠨ ᠬᠥᠳᠡᠯᠮᠦᠷᠢ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠭᠡᠰᠢᠭᠦᠨ ᠤ ᠠᠵᠢᠯ ᠤᠨ ᠦᠷᠳᠡᠭᠡ᠂ ᠰᠢᠨᠬᠤᠸᠠ ᠢᠳᠡᠭᠡᠨ ᠤ ᠦᠢᠯᠡᠳᠪᠦᠷᠢ ᠳᠤ ᠬᠦᠷᠴᠦ᠂ ᠬᠤᠳᠠ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠪᠣᠯᠤᠨ ᠦᠨᠳᠦᠰᠦᠨ ᠱᠠᠲᠤᠨ ᠤ ᠭᠡᠰᠢᠭᠦᠨ ᠤ ᠠᠵᠢᠯ ᠤᠨ ᠦᠷᠳᠡᠭᠡ ᠶᠢᠨ ᠪᠦᠳᠦᠭᠡᠨ ᠪᠠᠶᠢᠭᠤᠯᠤᠯᠲᠠ ᠵᠢᠴᠢ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠠᠵᠤ ᠠᠬᠤᠶᠢᠯᠠᠯ ᠤᠨ ᠬᠢᠨ ᠡᠵᠡᠩᠨᠡᠯᠲᠡ ᠶᠢᠨ ᠣᠶᠢᠯᠠᠭᠠᠭᠳᠠᠬᠤᠨ᠂ ᠡᠵᠡᠩᠨᠡᠯᠲᠡ ᠶᠢᠨ ᠵᠠᠭᠪᠤᠷ ᠢᠶᠠᠨ ᠲᠠᠰᠤᠷᠠᠯᠲᠠ ᠦᠭᠡᠢ ᠰᠢᠨᠡᠴᠢᠯᠡᠵᠦ᠂ ᠠᠵᠤ ᠠᠬᠤᠶᠢᠯᠠᠯ ᠤᠨ ᠭᠤᠣᠯᠯᠠᠭᠴᠢ ᠦᠷᠢᠰᠦᠯᠳᠦᠬᠦ ᠬᠦᠴᠦᠨ ᠢᠶᠠᠨ ᠦᠨᠡᠨᠬᠦ ᠳᠡᠭᠡᠭᠰᠢᠯᠡᠭᠦᠯᠵᠦ᠂ ᠰᠢᠯᠢᠳᠡᠭ ᠲᠦᠷᠦᠯ ᠲᠡᠮᠳᠡᠭ ᠢ ᠡᠭᠦᠳᠴᠦ᠂ ᠪᠣᠷᠣᠯᠠᠭᠤᠯᠭ᠎ᠠ ᠶᠢᠨ ᠠᠷᠭ᠎ᠠ ᠵᠠᠮ ᠢᠶᠠᠨ ᠥᠷᠭᠡᠳᠬᠡᠵᠦ᠂ ᠠᠵᠤ ᠠᠬᠤᠶᠢᠯᠠᠯ ᠢᠶᠠᠨ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠬᠦᠰᠡᠪᠡ︔ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠨᠡᠨ ᠦᠭᠡ ᠬᠡᠯᠡᠵᠦ᠂ ᠰᠠᠶᠢᠨ ᠠᠷᠭ᠎ᠠ ᠤᠬᠠᠭᠠᠨ ᠰᠦᠪᠡᠭᠴᠢᠯᠡᠵᠦ᠂ ᠪᠦᠬᠦ ᠬᠤᠳᠠ ᠶᠢᠨ ᠠᠵᠤ ᠠᠬᠤᠢ ᠶᠢᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠪᠡ᠃      ᠲᠠᠷᠠᠭ᠎ᠠ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠰᠤᠶᠤᠯᠴᠡᠴᠡᠭ ᠰᠦᠩᠱᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ 2022 ᠣᠨ ᠤ ᠡᠯ᠎ᠡ ᠵᠦᠢᠯ ᠤᠨ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠰᠤᠶᠤᠯᠴᠡᠴᠡᠭ ᠰᠦᠩᠱᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠤᠢᠢᠷ᠎ᠠ ᠶᠢᠨ ᠵᠢᠯ ᠤᠨ ᠲᠤᠷᠰᠢᠬᠢ ᠢᠯᠠᠩᠭᠤᠶ᠎ᠠ ᠬᠤᠭᠤᠴᠠᠭ᠎ᠠ ᠰᠣᠯᠢᠭᠰᠠᠨ ᠠᠴᠠ ᠨᠠᠰᠢᠬᠢ ᠠᠵᠢᠯ ᠢ ᠭᠦᠢᠴᠡᠳ ᠨᠤᠲᠠᠯᠠᠵᠤ᠂ ᠰᠦᠩᠱᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠰᠡᠳᠬᠢᠴᠡ ᠲᠣᠳᠣᠷᠬᠠᠢ᠂ ᠲᠣᠭᠤᠷᠢᠭ ᠤᠨ ᠨᠠᠮ ᠤᠨ  ᠬᠤᠷᠢᠶ᠎ᠠ ᠵᠠᠰᠠᠭ ᠤᠨ ᠣᠷᠳᠣᠨ ᠤ ᠳᠡᠭᠡᠳᠦ ᠬᠡᠮᠵᠢᠶᠡᠨ ᠤ ᠴᠢᠬᠤᠯᠠᠴᠢᠯᠠᠯ ᠢ ᠣᠯᠵᠤ᠂ ᠤᠳᠤᠷᠢᠳᠬᠤ ᠺᠠᠳ᠋ᠷ ᠤᠨ  ᠵᠢᠱᠢᠶ᠎ᠡ ᠦᠵᠡᠭᠦᠯᠵᠦ ᠳᠠᠭᠠᠭᠤᠯᠬᠤ ᠦᠢᠯᠡᠳᠦᠯ ᠴᠢᠩᠭ᠎ᠠ᠂ ᠵᠥᠪᠯᠡᠯᠭᠡᠨ ᠤ ᠵᠠᠰᠠᠭ ᠤᠨ ᠶᠠᠪᠤᠳᠠᠯ ᠢ ᠵᠥᠪᠯᠡᠬᠦ ᠰᠡᠳᠦᠪ ᠢ ᠣᠨᠣᠪᠴᠢᠲᠠᠢ ᠰᠣᠩᠭᠤᠵᠤ᠂ ᠲᠦᠷᠢᠮ ᠤᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠰᠤᠷᠤᠯᠴᠠᠬᠤ ᠠᠷᠭ᠎ᠠ ᠬᠡᠯᠪᠡᠷᠢ ᠪᠦᠲᠦᠮᠵᠢᠲᠡᠢ ᠪᠣᠯᠵᠠᠢ ᠭᠡᠵᠦ ᠦᠵᠡᠪᠡ᠃ ᠲᠡᠷᠡ ᠵᠢᠭᠠᠵᠤ ᠭᠠᠷᠭᠠᠭᠰᠠᠨ ᠨᠢ᠂ ᠰᠦᠩᠱᠠᠨ ᠲᠣᠭᠤᠷᠢᠭ ᠪᠣᠯ ᠤᠯᠠᠭᠠᠨᠬᠠᠳᠠ ᠬᠤᠳᠠ ᠶᠢᠨ ᠲᠥᠪ ᠬᠤᠳᠠ ᠶᠢᠨ ᠲᠣᠭᠤᠷᠢᠭ ᠲᠤ ᠪᠠᠶᠢᠷᠢᠯᠠᠵᠤ᠂ ᠪᠦᠬᠦ ᠬᠤᠳᠠ ᠶᠢᠨ ᠤᠯᠤᠰ ᠲᠦᠷᠦ ᠪᠠ ᠰᠣᠶᠣᠯ ᠤᠨ ᠲᠥᠪ ᠪᠠᠶᠢᠵᠤ᠂ ᠪᠦᠬᠦ ᠬᠤᠳᠠ ᠶᠢᠨ ᠬᠥᠭᠵᠢᠯᠲᠡ ᠳᠤ ᠴᠢᠬᠤᠯᠠ ᠬᠠᠷᠢᠭᠤᠴᠠᠯᠭ᠎ᠠ ᠡᠭᠦᠷᠭᠡᠯᠡᠵᠦ ᠪᠤᠢ︔ ᠰᠦᠩᠱᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ᠂ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠵᠡᠷᠭᠡ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠬᠢᠨᠠᠨ ᠰᠢᠯᠭᠠᠬᠤ ᠲᠣᠭᠲᠠᠴᠠ ᠶᠢ ᠴᠢᠩᠭᠠᠳᠬᠠᠵᠤ᠂ ᠪᠣᠳᠠᠲᠠᠢ ᠠᠵᠢᠯᠯᠠᠵᠤ᠂ ᠡᠮᠦᠨ᠎ᠡ ᠡᠩᠨᠡᠭᠡᠨ ᠳᠤ ᠶᠠᠪᠤᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠬᠡᠷᠡᠭᠲᠡᠢ︔ ᠰᠦᠩᠱᠠᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠬᠦᠴᠦᠯᠡᠬᠦ ᠴᠡᠭ ᠢ ᠤᠯᠠᠮ ᠨᠢᠭᠡ ᠠᠯᠬᠤᠮ ᠣᠨᠣᠪᠴᠢᠲᠠᠢ ᠡᠷᠢᠨ ᠲᠣᠭᠲᠠᠭᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠬᠤᠪᠢᠷᠠᠭᠤᠯᠬᠤ ᠶᠢ ᠴᠢᠩᠭᠠᠳᠬᠠᠵᠤ᠂ ᠭᠤᠷᠪᠠᠨ ᠱᠠᠲᠤᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠨᠠᠮ ᠤᠨ  ᠬᠤᠷᠢᠶ᠎ᠠ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠠᠵᠢᠯ ᠢᠶᠠᠨ ᠠᠬᠢᠭᠤᠯᠬᠤ ᠳᠤ ᠠᠰᠢᠭᠲᠠᠢ ᠯᠠᠪᠯᠠᠯᠲᠠ ᠬᠠᠩᠭᠠᠬᠤ ᠬᠡᠷᠡᠭᠲᠡᠢ᠃      ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠢᠶᠠᠩ ᠼᠦᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠴᠢᠨ ᠢᠦᠶ ᠬᠤᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠹᠦ᠋ ᠴᠢᠶᠠᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠸᠠᠩ  ᠹᠧᠩ ᠵᠢᠶᠦ᠋ᠨ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠸᠠᠨ ᠯᠢ᠂ ᠶᠣᠣ ᠰᠢᠤᠸᠠᠢ ᠱᠤ᠋ ᠪᠠᠶᠢᠴᠠᠭᠠᠨ ᠰᠤᠳᠤᠯᠤᠯᠲᠠ ᠪᠤᠶᠤ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号