2022 ᠣᠨ ᠳᠤ ᠰᠢᠨ᠎ᠡ ᠬᠤᠲᠠ ᠲᠣᠭᠤᠷᠢᠭ ᠤᠨ ᠪᠣᠷᠣᠭᠠᠨ ᠤ ᠤᠰᠤᠨ ᠤ ᠬᠤᠭᠤᠯᠠᠶ ᠶᠢᠨ ᠲᠣᠤᠷ ᠤᠨ | ᠪᠥᠲᠥᠭᠡᠨ ᠪᠠᠶᠢᠭᠤᠯᠤᠯᠲᠠ ᠪᠠ ᠲᠦᠭᠡᠭᠡᠯ ᠤᠰᠤᠨ ᠤ ᠬᠤᠯᠪᠣᠯᠳᠤᠨ ᠨᠡᠪᠲᠡᠷᠡᠯᠴᠡᠬᠦ ᠢᠨᠵᠧᠨᠧᠷᠢᠩ ᠤᠨ ᠲᠥᠷᠥᠯ | ᠵᠦᠢᠯ ᠢ ᠪᠦᠬᠦᠨ ᠢ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠪᠠᠷ ᠪᠣᠶ᠃ | 2022 ᠣᠨ ᠳᠤ ᠰᠦᠩᠱᠠᠨ ᠲᠣᠭᠤᠷᠢᠭ 1.2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠰᠢᠨ᠎ᠡ | ᠬᠤᠲᠠ ᠲᠣᠭᠤᠷᠢᠭ ᠤᠨ ᠪᠣᠷᠣᠭᠠᠨ ᠤ ᠤᠰᠤᠨ ᠤ ᠬᠤᠭᠤᠯᠠᠶ ᠶᠢᠨ ᠲᠣᠤᠷ ᠤᠨ ᠪᠥᠲᠥᠭᠡᠨ ᠪᠠᠶᠢᠭᠤᠯᠤᠯᠲᠠ ᠪᠠ | ᠲᠦᠭᠡᠭᠡᠯ ᠤᠰᠤᠨ ᠤ ᠬᠤᠭᠤᠯᠠᠶ ᠶᠢᠨ ᠲᠣᠤᠷ ᠤᠨ ᠬᠤᠯᠪᠣᠯᠳᠤᠨ ᠨᠡᠪᠲᠡᠷᠡᠯᠴᠡᠬᠦ ᠢᠨᠵᠧᠨᠧᠷᠢᠩ ᠢ ᠬᠡᠷᠡᠭᠵᠢᠭᠦᠯᠵᠦ᠂ | ᠪᠣᠷᠣᠭᠠᠨ ᠤ ᠤᠰᠤᠨ ᠤ ᠬᠤᠭᠤᠯᠠᠶ ᠶᠢᠨ ᠲᠣᠤᠷ ᠢ ᠨᠡᠶᠢᠲᠡ 12.6 ᠺᠢᠯᠣᠮᠧᠲᠷ ᠰᠢᠨ᠎ᠡ ᠪᠠᠷ ᠪᠠᠶᠢᠭᠤᠯᠵᠤ᠂ ᠨᠡᠶᠢᠲᠡ | ᠨᠠᠢᠮᠠᠨ ᠪᠠᠷᠢᠮᠵᠢᠶᠠᠲᠤ ᠬᠡᠰᠡᠭ ᠬᠤᠶᠠᠷ ᠪᠦᠯᠦᠭ ᠤᠳᠠᠭ᠎ᠠ ᠬᠤᠪᠢᠶᠠᠨ ᠬᠡᠷᠡᠭᠵᠢᠭᠦᠯᠦᠨ᠎ᠡ᠃ ᠣᠳᠣᠬᠠᠨ ᠳᠤ ᠨᠢᠭᠡᠳᠦᠭᠡᠷ | ᠪᠦᠯᠦᠭ ᠤᠳᠠᠭ᠎ᠠ ᠶᠢᠨ ᠠᠵᠢᠯ ᠳᠠᠭᠤᠰᠴᠤ ᠲᠡᠷᠭᠡ ᠨᠡᠪᠲᠡᠷᠡᠵᠦ᠂ ᠬᠤᠶᠠᠳᠤᠭᠠᠷ ᠪᠦᠯᠦᠭ ᠤᠳᠠᠭ᠎ᠠ ᠶᠢᠨ ᠪᠠᠷᠢᠯᠭ᠎ᠠ | ᠰᠢᠪᠲᠤᠷᠭᠠᠨ ᠳᠠᠭᠠᠨ ᠣᠷᠣᠵᠠᠶ᠃ | ᠬᠡᠰᠡᠭ ᠪᠥᠲᠥᠭᠡᠨ ᠪᠠᠶᠢᠭᠤᠯᠤᠯᠲᠠ ᠶᠢᠨ ᠵᠠᠮ ᠤᠨ ᠬᠡᠰᠡᠭ ᠨᠢ ᠰᠤᠷᠭᠠᠭᠤᠯᠢ ᠳᠤ ᠪᠠᠶᠢᠷᠢᠰᠢᠵᠤ ᠪᠠᠶᠢᠭ᠎ᠠ | ᠪᠣᠯᠬᠤᠷ ᠰᠤᠷᠭᠠᠭᠤᠯᠢ ᠶᠢᠨ ᠰᠤᠷᠭᠠᠭᠤᠯᠢ ᠡᠬᠢᠯᠡᠬᠦ ᠶᠢ ᠨᠥᠯᠥᠭᠡᠯᠡᠬᠦ ᠥᠬᠡᠶ᠂ ᠰᠤᠷᠤᠭᠴᠢᠳ ᠤᠨ ᠠᠮᠤᠷ | ᠲᠦᠪᠰᠢᠨ ᠢᠶᠠᠷ ᠣᠷᠣᠵᠤ ᠭᠠᠷᠬᠤ ᠶᠢ ᠪᠠᠲᠤᠯᠠᠬᠤ ᠶᠢᠨ ᠲᠥᠯᠥᠭᠡ᠂ ᠰᠦᠩᠱᠠᠨ ᠲᠣᠭᠤᠷᠢᠭ ᠤᠨ ᠣᠷᠣᠨ ᠰᠠᠭᠤᠴᠠ | ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠪᠠᠷᠢᠯᠭ᠎ᠠ ᠶᠢᠨ ᠬᠤᠭᠤᠴᠠᠭ᠎ᠠ ᠶᠢ | ᠲᠣᠩᠭᠤᠷᠤᠭᠤᠯᠤᠨ ᠵᠢᠭᠰᠠᠭᠠᠵᠤ᠂ ᠰᠤᠷᠭᠠᠭᠤᠯᠢ ᠶᠢᠨ ᠡᠯ᠎ᠡ ᠪᠥᠲᠥᠭᠡᠨ ᠪᠠᠶᠢᠭᠤᠯᠤᠯᠲᠠ ᠶᠢᠨ ᠲᠦᠷᠦᠯ ᠵᠦᠢᠯ ᠤᠨ | ᠵᠠᠮ ᠤᠨ ᠬᠡᠰᠡᠭ ᠲᠤ ᠪᠠᠷᠢᠯᠭ᠎ᠠ ᠶᠢᠨ ᠶᠠᠰᠤ ᠴᠢᠨᠠᠷ ᠢ ᠦᠨᠡᠨ ᠬᠦ ᠪᠠᠲᠤᠯᠠᠭᠰᠠᠨ ᠤᠷᠢᠲᠠᠯ ᠳᠣᠤᠷ᠎ᠠ᠂ ᠪᠠᠷᠢᠯᠭ᠎ᠠ ᠶᠢᠨ | ᠠᠵᠢᠯ ᠢ ᠱᠠᠯᠠᠪᠳᠠᠨ ᠬᠢᠵᠦ᠂ ᠡᠳᠦᠷ ᠰᠦᠨᠢ ᠦᠭᠡᠢ ᠠᠵᠢᠯᠯᠠᠬᠤ ᠠᠵᠢᠯ ᠤᠨ ᠲᠣᠭᠲᠠᠴᠠ ᠶᠢ ᠬᠡᠷᠡᠭᠵᠢᠭᠦᠯᠦᠨ᠂ 9 | ᠰᠠᠷ᠎ᠠ ᠶᠢᠨ 1 ᠤ ᠡᠳᠦᠷ ᠠᠴᠠ ᠡᠮᠦᠨ᠎ᠡ ᠵᠠᠪᠠᠯ ᠪᠠᠲᠤᠯᠠᠬᠤ ᠪᠠᠷᠢᠯᠭ᠎ᠠ ᠶᠢᠨ ᠠᠵᠢᠯ ᠢ ᠳᠠᠭᠤᠰᠬᠠᠬᠤ ᠶᠢᠨ ᠬᠠᠮᠲᠤ ᠴᠠᠭ | ᠲᠤᠬᠠᠶ ᠳᠤᠨᠢ ᠠᠰᠢᠭᠯᠠᠯᠲᠠ ᠳᠤ ᠣᠷᠣᠭᠤᠯᠬᠤ ᠬᠡᠷᠡᠭᠲᠡᠶ ᠭᠡᠵᠦ ᠱᠠᠭᠠᠷᠳᠠᠪᠠ᠃ ᠣᠳᠣᠬᠠᠨ ᠳᠤ᠂ ᠰᠢᠨ᠎ᠡ ᠬᠤᠲᠠ | ᠲᠣᠭᠤᠷᠢᠭ ᠤᠨ ᠳᠥᠷᠪᠡᠳᠦᠭᠡᠷ ᠳᠤᠮᠳᠠᠳᠤ ᠰᠣᠷᠭᠠᠭᠤᠯᠢ ᠶᠢᠨ ᠵᠠᠮ ᠤᠨ ᠬᠡᠰᠡᠭ᠂ ᠰᠢᠨ᠎ᠡ ᠬᠤᠲᠠ ᠶᠢᠨ ᠤᠯᠠᠭᠠᠨ | ᠲᠤᠭ ᠳᠤᠮᠳᠠᠳᠤ ᠰᠤᠷᠭᠠᠭᠤᠯᠢ ᠶᠢᠨ ᠪᠠᠭᠠᠷᠢᠨ ᠶᠡᠭᠡ ᠵᠡᠭᠡᠯᠢ ︵ᠲᠢᠶᠠᠨ ᠢ ᠵᠠᠮ — ᠪᠦᠦ ᠱᠠᠨ ᠵᠠᠮ︶ ᠶᠢ 8 | ᠰᠠᠷ᠎ᠠ ᠶᠢᠨ 22 ᠤᠨ ᠡᠳᠦᠷ ᠪᠠᠷᠢᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ᠰᠢᠨ ᠬᠤᠶ ᠵᠠᠮ ︵ᠶᠠᠨᠱᠠᠨ | ᠵᠡᠭᠡᠯᠢ — ᠬᠢᠩᠭᠠᠨ ᠵᠡᠭᠡᠯᠢ︶᠂ ᠬᠢᠩᠭᠠᠨ ᠵᠡᠭᠡᠯᠢ ︵ᠳ᠋ᠠᠪᠠᠨ ᠵᠠᠮ — ᠲᠢᠶᠠᠨ ᠢ ᠵᠠᠮ︶᠂ ᠰᠢᠨ ᠬᠤᠶ ᠵᠠᠮ ︵ | ᠰᠢᠶᠤᠤ ᠾᠧ ᠶᠠᠨ ᠶᠡᠭᠡ ᠵᠡᠭᠡᠯᠢ — ᠳ᠋ᠠ ᠮᠢᠩ ᠵᠡᠭᠡᠯᠢ︶᠂ ᠵᠢᠨᠱᠠᠨ ᠵᠠᠮ ︵ᠰᠢᠶᠤᠤ ᠾᠧ ᠶᠠᠨ ᠶᠡᠭᠡ ᠵᠡᠭᠡᠯᠢ | — ᠳ᠋ᠠ ᠮᠢᠩ ᠵᠡᠭᠡᠯᠢ︶ ᠨᠢᠭᠡᠨᠲᠡ ᠪᠣᠷᠣᠭᠠᠨ ᠤ ᠤᠰᠤᠨ ᠤ ᠬᠤᠭᠤᠯᠠᠶ ᠶᠢᠨ ᠲᠣᠤᠷ ᠵᠢᠴᠢ ᠤᠰᠤᠨ ᠤ ᠲᠣᠭᠲᠠᠭᠤᠨ | ᠳᠠᠪᠬᠤᠷᠭ᠎ᠠ ᠶᠢ ᠳᠡᠪᠢᠰᠬᠦ ᠠᠵᠢᠯ ᠢ ᠳᠠᠭᠤᠰᠬᠠᠵᠤ᠂ ᠣᠲᠣ ᠶᠠᠭ ᠵᠠᠮ ᠤᠨ ᠭᠠᠳᠠᠷᠭᠤ ᠳᠤ ᠪᠠᠷᠤᠭᠰᠢᠨ ᠪᠤᠲ᠋ᠣᠨ | ᠳᠡᠪᠢᠰᠬᠦ ᠠᠵᠢᠯ ᠢ ᠬᠢᠵᠦ ᠪᠠᠶᠢᠨ᠎ᠠ᠃ |