ᠰᠦᠩᠱᠠᠨ ᠲᠣᠭᠤᠷᠢᠭ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/29
      8 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠢᠶᠠᠩ ᠼᠦᠩ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠳᠥᠯᠭᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠭᠤᠷᠪᠠᠳᠠᠬᠢ ᠡᠲᠡᠭᠡᠳ ᠤᠨ ᠰᠢᠯᠭᠠᠨ ᠲᠣᠭᠲᠠᠭᠠᠵᠤ ᠬᠠᠷᠢᠭᠤ ᠲᠤᠰᠬᠠᠬᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠡᠭᠦᠷᠭᠡ ᠶᠢ ᠨᠢᠭᠡᠳ ᠨᠢᠭᠡ ᠪᠠᠷ ᠵᠠᠳᠠᠯᠵᠤ᠂ ᠪᠣᠶ ᠪᠣᠯᠤᠭᠰᠠᠨ ᠰᠢᠯᠲᠠᠭᠠᠨ ᠢ ᠵᠠᠳᠠᠯᠵᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠡᠯ᠎ᠡ ᠲᠥᠷᠥᠯ ᠤᠨ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠥᠩ ᠴᠢᠩ ᠰᠥᠩ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠱᠦᠨ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠢᠨ ᠢᠦᠶ ᠬᠤᠤ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠵᠠᠶ᠃      ᠵᠢᠶᠠᠩ ᠼᠦᠩ ᠵᠢᠭᠠᠵᠤ ᠭᠠᠷᠭᠠᠬᠤ ᠳᠠᠭᠠᠨ᠂ ᠲᠤᠰ ᠤᠳᠠᠭᠠᠨ ᠤ ᠭᠤᠷᠪᠠᠳᠠᠬᠢ ᠡᠲᠡᠭᠡᠳ ᠤᠨ ᠰᠢᠯᠭᠠᠨ ᠦᠨᠡᠯᠡᠯᠲᠡ ᠶᠢᠨ ᠬᠠᠷᠢᠭᠤ ᠲᠤᠰᠬᠠᠭᠰᠠᠨ ᠠᠰᠠᠭᠤᠳᠠᠯ ᠠᠴᠠ ᠮᠠᠨ ᠤ ᠲᠤᠭᠤᠷᠢᠭ ᠣᠯᠠᠨ ᠨᠡᠶᠢᠲᠡ ᠶᠢᠨ ᠡᠮᠬᠢ ᠳᠢᠭᠯᠢᠮ ᠢ ᠰᠢᠯᠢᠳᠡᠭᠵᠢᠭᠦᠯᠬᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠬᠤᠲᠠ ᠪᠠᠶᠢᠭᠤᠯᠬᠤ ᠠᠭᠤᠷ ᠠᠮᠢᠰᠬᠤᠯ ᠢ ᠪᠣᠶ ᠪᠣᠯᠭᠠᠬᠤ ᠵᠡᠷᠭᠡ ᠲᠠᠯ᠎ᠠ ᠪᠠᠷ ᠪᠠᠰᠠ ᠵᠣᠬᠢᠬᠤ ᠬᠡᠮᠵᠢᠶᠡᠨ ᠤ ᠬᠦᠷᠦᠯᠴᠡᠬᠦ ᠥᠬᠡᠶ ᠲᠠᠯ᠎ᠠ ᠣᠷᠣᠰᠢᠵᠤ ᠪᠠᠶᠢᠨ᠎ᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠡᠮᠦᠨᠡᠬᠢ ᠨᠢᠭᠡ ᠱᠠᠲᠤᠨ ᠤ ᠠᠵᠢᠯ ᠢᠶᠠᠨ ᠰᠢᠰᠲ᠋ᠧᠮ ᠲᠠᠢ ᠡᠮᠬᠢᠯᠡᠨ ᠳ᠋ᠦᠩᠨᠡᠭᠰᠡᠨ ᠰᠠᠭᠤᠷᠢᠨ ᠳᠡᠭᠡᠷ᠎ᠡ᠂ ᠪᠥᠬᠦ ᠲᠠᠯ᠎ᠠ ᠪᠠᠷ ᠳᠤᠲᠠᠭᠤ ᠶᠢ ᠪᠠᠶᠢᠴᠠᠭᠠᠨ ᠳᠤᠲᠠᠭᠤ ᠶᠢ ᠨᠥᠬᠦᠪᠥᠷᠢᠯᠡᠵᠦ᠂ ᠬᠠᠲᠠᠭᠤ ᠴᠢᠩᠭ᠎ᠠ ᠠᠷᠭ᠎ᠠ ᠬᠡᠮᠵᠢᠶ᠎ᠡ ᠠᠪᠴᠤ᠂ ᠰᠢᠨ᠎ᠡ ᠶᠢ ᠡᠭᠦᠳᠪᠡᠯ ᠵᠠᠪᠠᠯ ᠪᠦᠲᠦᠭᠡᠬᠦ ᠢᠲᠡᠭᠡᠯ ᠵᠣᠷᠢᠭ ᠢᠶᠠᠷ ᠡᠯ᠎ᠡ  ᠵᠦᠢᠯ ᠤᠨ ᠡᠭᠦᠳᠦᠨ ᠪᠠᠶᠢᠭᠤᠯᠬᠤ ᠡᠭᠦᠷᠭᠡ ᠪᠠᠨ ᠯᠠᠪᠳᠠᠭᠤᠨ ᠪᠠᠲᠤᠲᠠᠶ ᠪᠡᠶᠡᠯᠡᠭᠦᠯᠵᠦ᠂ ᠪᠥᠬᠦ ᠲᠤᠭᠤᠷᠢᠭ ᠤᠨ ᠠᠷᠠᠳ ᠲᠦᠮᠡᠨ ᠳᠤ ᠨᠢᠭᠡ ᠬᠤᠪᠢ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠶ᠃      ᠵᠦᠩ ᠴᠢᠩ ᠰᠦᠩ ᠱᠠᠭᠠᠷᠳᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠦᠳᠲᠡᠷ ᠲᠦᠷᠭᠡᠨ ᠳᠠᠶᠢᠴᠢᠯᠠᠨ ᠪᠠᠶᠢᠷᠢᠯᠠᠭᠤᠯᠵᠤ᠂ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠰᠢᠨ᠎ᠡ ᠨᠢᠭᠡ ᠡᠭᠡᠯᠵᠢ ᠶᠢᠨ ᠬᠤᠳᠠ ᠶᠢ ᠡᠭᠦᠳᠬᠦ ᠠᠵᠢᠯ ᠤᠨ ᠬᠠᠯᠠᠭᠤᠨ ᠥᠷᠨᠢᠯᠲᠡ ᠶᠢ ᠳᠠᠬᠢᠨᠲᠠ ᠪᠤᠢ ᠪᠣᠯᠭᠠᠬᠤ ᠬᠡᠷᠡᠭᠲᠡᠢ᠃ ᠬᠤᠳᠠ ᠪᠠᠶᠢᠭᠤᠯᠬᠤ ᠠᠵᠢᠯ ᠤᠨ ᠭᠤᠣᠯᠳᠠᠯᠭ᠎ᠠ ᠲᠠᠢ ᠴᠢᠭ ᠢ ᠣᠨᠣᠪᠴᠢᠲᠠᠢ ᠠᠩᠬᠠᠷᠴᠤ᠂ ᠪᠠᠷᠢᠮᠵᠢᠶ᠎ᠠ ᠲᠠᠢ ᠬᠠᠷᠭᠤᠭᠤᠯᠵᠤ ᠬᠦᠰᠦᠨᠦᠭᠲᠦ ᠲᠠᠢ ᠬᠠᠷᠭᠤᠭᠤᠯᠵᠤ᠂ ᠨᠢᠭᠡ ᠨᠢᠭᠡ ᠪᠠᠷ ᠠᠰᠠᠭᠤᠳᠠᠯ ᠢ ᠪᠠᠶᠢᠴᠠᠭᠠᠵᠤ᠂ ᠨᠢᠭᠡ ᠨᠢᠭᠡ ᠪᠠᠷ ᠰᠢᠯᠲᠠᠭᠠᠨ ᠢ ᠡᠷᠢᠵᠦ᠂ ᠨᠢᠭᠡ ᠨᠢᠭᠡ ᠪᠠᠷ ᠴᠡᠭᠴᠡᠯᠡᠨ ᠵᠠᠰᠠᠬᠤ ᠶᠢ ᠠᠳᠬᠤᠵᠤ᠂ ᠬᠤᠳᠠ ᠪᠠᠶᠢᠭᠤᠯᠬᠤ ᠳᠤᠲᠠᠭᠤᠳᠠᠯ ᠤᠨ ᠠᠰᠠᠭᠤᠳᠠᠯ ᠤᠨ ︽ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠡᠷᠡᠰ ᠰᠠᠶᠢᠲᠤᠷ ᠬᠢᠬᠦ ᠬᠡᠷᠡᠭᠲᠡᠢ ᠃ ᠬᠦᠴᠦᠨ ᠢᠶᠠᠨ ᠦᠷᠭᠦᠯᠵᠢᠯᠡᠨ ᠨᠡᠮᠡᠭᠳᠡᠭᠦᠯᠵᠦ᠂ ᠠᠵᠢᠯ ᠤᠨ ᠠᠷᠭ᠎ᠠ ᠪᠠᠨ ᠰᠢᠯᠢᠳᠡᠭᠵᠢᠭᠦᠯᠦᠨ᠂ ᠣᠯᠠᠨ ᠨᠡᠶᠢᠲᠡ ᠶᠢᠨ ᠡᠮᠬᠢ ᠳᠢᠭᠯᠢᠮ ᠢ ᠬᠠᠮᠠᠭᠠᠯᠠᠬᠤ ᠵᠡᠷᠭᠡ ᠠᠵᠢᠯ ᠢ ᠰᠠᠶᠢᠲᠤᠷ ᠬᠢᠬᠦ ᠶᠢᠨ ᠬᠠᠮᠲᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠵᠤ᠂ ᠡᠯ᠎ᠡ ᠵᠦᠢᠯ ᠤᠨ ᠬᠤᠲᠠ ᠪᠠᠶᠢᠭᠤᠯᠬᠤ ᠠᠵᠢᠯ ᠤᠨ ᠡᠭᠦᠷᠭᠡ ᠶᠢ ᠪᠡᠶᠡᠯᠡᠭᠦᠯᠬᠦ ᠶᠢᠨ ᠬᠠᠮᠲᠤ᠂ ᠬᠤᠲᠠ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃       ᠬᠤᠷᠠᠯ ᠳᠡᠭᠡᠷ᠎ᠡ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠥᠩ ᠳ᠋ᠡ ᠹᠦ᠋ ᠭᠤᠷᠪᠠᠳᠠᠬᠢ ᠡᠲᠡᠭᠡᠳ ᠤᠨ ᠰᠢᠯᠭᠠᠨ ᠲᠣᠭᠲᠠᠭᠠᠭᠰᠠᠨ ᠪᠠᠶᠢᠳᠠᠯ ᠢ ᠮᠡᠳᠡᠭᠳᠡᠪᠡ
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号