8 ᠰᠠᠷ᠎ᠠ ᠶᠢᠨ 27 ᠤ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ | ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠦᠩ ᠭᠤᠣᠯ ᠬᠤᠳᠠ ᠶᠢᠨ | ᠲᠣᠭᠤᠷᠢᠭ ᠤᠨ ᠰᠤᠷᠭᠠᠭᠤᠯᠢ ᠶᠢᠨ ᠪᠦᠳᠦᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ | ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠢᠦᠢ ᠬᠤᠸᠠ ᠶᠠᠨ ᠪᠠᠶᠢᠴᠠᠭᠠᠨ ᠰᠤᠳᠤᠯᠤᠯᠲᠠ ᠳᠤ | ᠣᠷᠣᠯᠴᠠᠪᠠ᠃ | ᠵᠦᠩ ᠴᠢᠩ ᠰᠦᠩ ᠨᠡᠷ ᠤᠷᠢᠳ ᠬᠤᠵᠢᠳ ᠭᠠᠵᠠᠷ ᠰᠢᠨᠵᠢᠯᠡᠭᠡᠨ ᠤ ᠬᠤᠶᠠᠳᠤᠭᠠᠷ ᠳᠤᠮᠳᠠᠳᠤ | ᠰᠤᠷᠭᠠᠭᠤᠯᠢ ᠶᠢᠨ ᠭᠠᠵᠠᠷ ᠢ ᠰᠣᠯᠢᠵᠤ ᠨᠡᠭᠦᠯᠭᠡᠨ ᠪᠠᠶᠢᠭᠤᠯᠬᠤ ᠲᠦᠷᠦᠯ ᠵᠦᠢᠯ ᠤᠨ ᠲᠣᠭᠤᠷᠢᠭ᠂ ᠰᠦᠩᠱᠠᠨ ᠤ | ᠬᠤᠷᠢᠨ ᠨᠢᠭᠡᠳᠦᠭᠡᠷ ᠪᠠᠭ᠎ᠠ ᠰᠤᠷᠭᠠᠭᠤᠯᠢ ᠶᠢᠨ ᠰᠢᠨ᠎ᠡ ᠪᠠᠷ ᠪᠠᠶᠢᠭᠤᠯᠬᠤ ᠲᠦᠷᠦᠯ ᠵᠦᠢᠯ ᠤᠨ ᠲᠣᠭᠤᠷᠢᠭ᠂ | ᠰᠦᠩᠱᠠᠨ ᠤ ᠶᠢᠰᠦᠳᠦᠭᠡᠷ ᠳᠤᠮᠳᠠ ᠰᠤᠷᠭᠠᠭᠤᠯᠢ ᠵᠡᠷᠭᠡ ᠭᠠᠵᠠᠷ ᠲᠤ ᠬᠦᠷᠴᠦ᠂ ᠪᠠᠶᠢᠭᠤᠯᠵᠤ ᠪᠠᠶᠢᠭ᠎ᠠ ᠪᠠᠷᠢᠯᠭ᠎ᠠ ᠶᠢᠨ | ᠠᠬᠢᠴᠠ᠂ ᠶᠠᠰᠤ ᠴᠢᠨᠠᠷ ᠤᠨ ᠪᠠᠷᠢᠮᠵᠢᠶ᠎ᠠ᠂ ᠢᠵᠢ ᠪᠦᠷᠢᠳᠦᠭᠰᠡᠨ ᠲᠥᠬᠦᠭᠡᠷᠦᠮᠵᠢ ᠵᠢᠴᠢ ᠪᠠᠷᠢᠯᠭ᠎ᠠ ᠶᠢᠨ ᠠᠮᠤᠷ | ᠲᠦᠪᠰᠢᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠣᠷᠣᠰᠢᠵᠤ ᠪᠠᠶᠢᠭ᠎ᠠ | ᠠᠰᠠᠭᠤᠳᠠᠯ ᠢ ᠲᠤᠬᠠᠢ ᠶᠢᠨ ᠭᠠᠵᠠᠷ ᠲᠤᠨᠢ ᠲᠤᠬᠢᠷᠠᠭᠤᠯᠪᠠ᠃ | ᠵᠥᠩ ᠴᠢᠩ ᠰᠥᠩ ᠵᠢᠭᠠᠵᠤ ᠭᠠᠷᠭᠠᠭᠰᠠᠨ ᠨᠢ᠂ ᠰᠤᠷᠭᠠᠨ ᠬᠥᠮᠦᠵᠢᠯ ᠤᠨ ᠦᠢᠯᠡᠰ ᠪᠣᠯ ᠲᠦᠭ ᠲᠦᠮᠡᠨ | ᠠᠶᠢᠯ ᠡᠷᠦᠬᠡ ᠲᠠᠢ ᠬᠤᠯᠪᠣᠭᠳᠠᠵᠤ᠂ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ | ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠪᠣᠯ ᠣᠯᠠᠨ ᠲᠦᠮᠡᠨ ᠤ ᠵᠣᠯ | ᠵᠢᠷᠭᠠᠯᠲᠤ ᠲᠥᠷᠥᠭᠳᠡᠯ ᠢ ᠨᠡᠮᠡᠭᠳᠡᠭᠦᠯᠬᠦ᠂ ᠬᠤᠲᠠ ᠶᠢᠨ ᠲᠠᠲᠠᠬᠤ ᠬᠦᠴᠦᠨ᠂ ᠲᠥᠪᠯᠡᠷᠡᠭᠦᠯᠬᠦ ᠬᠦᠴᠦᠨ ᠢ | ᠳᠡᠭᠡᠭᠰᠢᠯᠡᠭᠦᠯᠬᠦ ᠪᠦᠲᠦᠮᠵᠢᠲᠡᠶ ᠠᠷᠭ᠎ᠠ ᠬᠡᠮᠵᠢᠶ᠎ᠡ ᠮᠥᠨ᠃ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ | ᠪᠠᠶᠢᠯᠳᠤᠬᠤ ᠪᠤᠳᠤᠯᠭ᠎ᠠ ᠶᠢ ᠪᠠᠷᠢᠮᠲᠠᠯᠠᠵᠤ᠂ ᠰᠢᠨ᠎ᠡ ᠪᠠᠷ ᠪᠠᠶᠢᠭᠤᠯᠬᠤ᠂ ᠥᠭᠡᠷᠡᠴᠢᠯᠡᠵᠦ ᠥᠷᠭᠡᠳᠬᠡᠨ ᠪᠠᠶᠢᠭᠤᠯᠬᠤ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠵᠤ᠂ | ᠰᠢᠨ᠎ᠡ ᠪᠠᠷ ᠪᠠᠶᠢᠭᠤᠯᠬᠤ ᠰᠤᠷᠭᠠᠭᠤᠯᠢ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠰᠤᠷᠭᠠᠨ ᠬᠥᠮᠦᠵᠢᠯ ᠤᠨ | ᠡᠬᠢ ᠪᠠᠶᠠᠯᠢᠭ ᠤᠨ ᠲᠤᠬᠢᠷᠠᠭᠤᠯᠤᠯᠳᠠ ᠶᠢ ᠦᠷᠭᠦᠯᠵᠢᠯᠡᠨ ᠰᠢᠯᠢᠳᠡᠭᠵᠢᠭᠦᠯᠵᠦ᠂ ᠠᠷᠠᠳ ᠲᠦᠮᠡᠨ ᠳᠤ ᠬᠠᠨᠤᠮᠵᠢᠲᠠᠢ | ᠰᠤᠷᠭᠠᠨ ᠬᠥᠮᠦᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠡᠷᠬᠢᠯᠡᠬᠦ ᠬᠡᠷᠡᠭᠲᠡᠢ᠃ ᠠᠷᠭ᠎ᠠ ᠪᠦᠬᠦᠨ ᠢ | ᠰᠦᠪᠡᠭᠴᠢᠯᠡᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠰᠤᠷᠭᠠᠭᠤᠯᠢ ᠡᠷᠬᠢᠯᠡᠬᠦ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠠᠬᠢᠭᠤᠯᠬᠤ | ᠬᠡᠷᠡᠭᠲᠡᠢ᠃ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠰᠤᠷᠭᠠᠭᠤᠯᠢ ᠶᠢᠨ | ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠶᠢ ᠦᠨᠡᠨ ᠬᠦ ᠭᠦᠨᠵᠡᠭᠡᠶ ᠨᠠᠷᠢᠨ ᠪᠥᠭᠡᠳ ᠪᠣᠳᠠᠲᠠᠶ ᠪᠠᠷ | ᠰᠦᠪᠡᠭᠴᠢᠯᠡᠵᠦ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠦᠷᠭᠦᠯᠵᠢᠯᠡᠨ | ᠨᠡᠮᠡᠭᠳᠡᠭᠦᠯᠵᠦ᠂ ᠥᠷᠭᠡᠨ ᠣᠯᠠᠨ ᠲᠦᠮᠡᠨ ᠤ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠡᠷᠡᠭᠴᠡᠭᠡ | ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠬᠤ ᠬᠡᠷᠡᠭᠲᠡᠶ᠃ |