ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠲᠦᠷᠦᠯ ᠵᠦᠢᠯ ᠤᠨ ᠬᠡᠯᠲᠡᠰ ᠠᠴᠠ ᠰᠢᠯᠢᠳᠡᠭ ᠴᠡᠷᠢᠭ ᠢ | ᠰᠣᠩᠭᠤᠨ ᠭᠠᠷᠭᠠᠵᠤ ᠲᠦᠷᠦᠯ ᠵᠦᠢᠯ ᠤᠨ ᠬᠡᠯᠲᠡᠰ ᠤᠨ ᠰᠠᠭᠤᠭ᠎ᠠ ᠭᠠᠵᠠᠷ ᠢ ᠵᠣᠬᠢᠶᠠᠨ ᠪᠠᠶᠢᠭᠤᠯᠤᠨ ᠠᠵᠢᠯᠯᠠᠭᠤᠯᠵᠤ᠂ | ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠴᠠᠭ ᠨᠡᠮᠡᠵᠦ | ᠠᠵᠢᠯᠯᠠᠨ᠂ ᠡᠳᠦᠷ ᠰᠥᠨᠢ ᠦᠭᠡᠢ ᠡᠷᠡᠯᠬᠡᠭᠯᠡᠨ ᠪᠠᠶᠢᠯᠳᠤᠵᠤ᠂ ᠲᠦᠷᠦᠯ ᠵᠦᠢᠯ ᠢ ᠠᠬᠢᠭᠤᠯᠬᠤ ᠶᠠᠪᠤᠴᠠ ᠳᠠᠬᠢ | ᠬᠦᠴᠢᠷ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠪᠡ᠃ ᠪᠦᠯᠦᠭᠯᠡᠯ ᠤᠨ ᠪᠠᠷᠢᠯᠭ᠎ᠠ ᠶᠢᠨ | ᠬᠡᠰᠡᠭ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠦᠷᠦᠯ ᠵᠦᠢᠯ ᠤᠨ | ᠵᠢᠷᠤᠭ ᠲᠥᠯᠥᠪᠯᠡᠭᠡ᠂ ᠪᠠᠷᠢᠯᠭ᠎ᠠ ᠶᠢᠨ ᠠᠵᠢᠯ᠂ ᠮᠠᠲ᠋ᠧᠷᠢᠶᠠᠯ ᠡᠳ᠋ ᠪᠣᠳᠠᠰ ᠤᠨ ᠬᠠᠩᠭᠠᠯᠭ᠎ᠠ᠂ ᠠᠶᠤᠯᠭᠦᠢ | ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠳᠣᠲᠣᠭᠠᠳᠤ ᠭᠠᠳᠠᠭᠠᠳᠤ ᠶᠢᠨ | ᠵᠣᠬᠢᠴᠠᠭᠤᠯᠭ᠎ᠠ ᠵᠡᠷᠭᠡ ᠡᠯ᠎ᠡ ᠵᠦᠢᠯ ᠤᠨ ᠠᠵᠢᠯ ᠢ ᠵᠡᠷᠭᠡᠪᠡᠷ ᠠᠬᠢᠭᠤᠯᠵᠤ᠂ ᠡᠯ᠎ᠡ ᠠᠵᠢᠯ ᠤᠨ ᠲᠡᠰ ᠳᠠᠷᠠᠭᠠᠯᠠᠯ ᠤᠨ | ᠬᠤᠭᠤᠷᠣᠨᠳᠣᠬᠢ ᠵᠠᠪᠰᠠᠷ ᠦᠭᠡᠢ ᠵᠣᠯᠭᠠᠯᠴᠠᠭ᠎ᠠ᠂ ᠥᠨᠳᠥᠷ ᠶᠠᠰᠤ ᠴᠢᠨᠠᠷ ᠥᠨᠳᠥᠷ ᠦᠷ᠎ᠡ ᠠᠰᠢᠭ ᠲᠠᠢ ᠪᠠᠶᠢᠬᠤ ᠶᠢ | ᠪᠠᠲᠤᠯᠠᠵᠤ᠂ ᠭᠠᠨᠵᠸᠤ ᠬᠤᠳᠠ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠦᠴᠦᠨ ᠢᠶᠠᠨ ᠲᠥᠪᠯᠡᠷᠡᠭᠦᠯᠦᠨ | ᠶᠡᠭᠡ ᠶᠠᠪᠤᠳᠠᠯ ᠪᠦᠲᠦᠭᠡᠬᠦ ᠴᠢᠳᠠᠪᠤᠷᠢ ᠪᠣᠯᠤᠨ ᠲᠦᠪᠰᠢᠨ ᠢ ᠳᠠᠬᠢᠨᠲᠠ ᠢᠯᠡᠷᠡᠭᠦᠯᠪᠡ᠃ 500 ᠡᠪᠡᠳᠴᠢᠲᠡᠨ ᠤ | ᠣᠷᠣ ᠶᠢ ᠲᠣᠬᠢᠷᠠᠭᠤᠯᠵᠤ᠂ ᠠᠰᠠᠷ ᠤᠨ ᠳᠣᠲᠣᠷᠠᠬᠢ ᠢᠵᠢ ᠪᠦᠷᠢᠳᠦᠭᠦᠯᠦᠭᠰᠡᠨ ᠤᠰᠤ ᠬᠠᠩᠭᠠᠬᠤ ᠤᠰᠤ ᠵᠠᠯᠠᠬᠤ᠂ | ᠴᠢᠩᠭ᠎ᠠ ᠰᠤᠯᠠ ᠴᠠᠬᠢᠯᠭᠠᠨ ᠵᠡᠷᠭᠡ ᠲᠥᠬᠦᠭᠡᠷᠦᠮᠵᠢ ᠶᠢ ᠪᠦᠬᠦᠨ ᠢ ᠪᠠᠶᠢᠭᠤᠯᠵᠤ ᠳᠠᠭᠤᠰᠬᠠᠭᠠᠳ᠂ ᠪᠣᠬᠢᠷ ᠤᠰᠤ ᠶᠢ | ᠰᠢᠢᠳᠪᠦᠷᠢᠯᠡᠬᠦ ᠰᠢᠰᠲ᠋ᠧᠮ ᠢ ᠨᠢᠭᠡᠨᠲᠡ ᠪᠠᠶᠢᠭᠤᠯᠵᠤ ᠳᠠᠭᠤᠰᠬᠠᠪᠠ᠃ ᠵᠠᠯᠭᠠᠯᠳᠤᠭᠰᠠᠨ ᠬᠤᠩᠭᠢᠯ ᠤᠨ ᠰᠢᠰᠲ᠋ᠧᠮ ᠤᠨ | ᠠᠵᠢᠯᠲᠠᠨ ᠤ ᠠᠮᠢᠳᠤᠷᠠᠯ ᠤᠨ ᠲᠣᠭᠤᠷᠢᠭ ᠵᠢᠴᠢ ᠡᠪᠡᠳᠴᠢᠲᠡᠨ ᠤ ᠥᠷᠥᠭᠡᠨ ᠤ ᠠᠰᠠᠷ ᠤᠨ ᠨᠡᠪᠲᠡᠷᠡᠬᠦ ᠵᠠᠮ᠂ ᠭᠤᠤᠯ | ᠠᠰᠠᠷ ᠳᠠᠭᠠᠯᠲᠠ ᠠᠰᠠᠷ ᠤᠨ ᠨᠡᠪᠲᠡᠷᠡᠬᠦ ᠵᠠᠮ᠂ ᠨᠡᠪᠲᠡᠷᠡᠬᠦ ᠵᠠᠮ ᠤᠨ ᠢᠵᠢ ᠪᠥᠷᠢᠳᠦᠭᠰᠡᠨ ᠤᠰᠤ ᠴᠠᠬᠢᠯᠭᠠᠨ ᠵᠢᠴᠢ | ᠠᠭᠠᠷ ᠴᠡᠪᠡᠷᠰᠢᠭᠦᠯᠬᠦ ᠰᠢᠰᠲ᠋ᠧᠮ᠂ ᠳᠤᠯᠠᠭᠠᠯᠠᠭ᠎ᠠ ᠬᠠᠩᠭᠠᠬᠤ ᠵᠡᠷᠭᠡ ᠪᠡᠯᠡᠳᠬᠡᠮᠵᠢ ᠲᠥᠬᠦᠭᠡᠷᠦᠮᠵᠢ ᠶᠢ ᠨᠢᠭᠡᠨᠲᠡ | ᠪᠦᠬᠦᠨ ᠢ ᠪᠠᠶᠢᠭᠤᠯᠵᠤ ᠳᠠᠭᠤᠰᠬᠠᠪᠠ᠃ |