ᠰᠦᠩᠱᠠᠨ ᠲᠣᠭᠤᠷᠢᠭ ︽ᠬᠠᠶᠢᠷ᠎ᠠ ᠬᠠᠯᠠᠮᠵᠢ ᠪᠠᠷ ᠰᠦᠩᠱᠠᠨ ᠢ ᠳᠤᠯᠠᠭᠠᠯᠠᠵᠤ · ᠲᠠᠷᠢᠶᠠᠯᠠᠩ ᠬᠤᠳᠠᠯᠳᠤᠭᠠᠨ ᠤ ᠪᠠᠩᠬᠢ ᠢ ᠬᠠᠮᠲᠤᠳᠬᠠᠬᠤ︾ ᠬᠠᠶᠢᠷ᠎ᠠ ᠬᠠᠯᠠᠮᠵᠢ ᠶᠢᠨ ᠰᠤᠷᠤᠯᠭ᠎ᠠ ᠶᠢ ᠲᠡᠳᠬᠦᠬᠦ ᠬᠠᠨᠳᠢᠪ ᠤᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2022/8/31
      8 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ︽ᠬᠠᠶᠢᠷ᠎ᠠ ᠬᠠᠯᠠᠮᠵᠢ ᠪᠠᠷ ᠰᠦᠩᠱᠠᠨ ᠢ ᠳᠤᠯᠠᠭᠠᠯᠠᠵᠤ · ᠲᠠᠷᠢᠶᠠᠯᠠᠩ ᠬᠤᠳᠠᠯᠳᠤᠭᠠᠨ ᠤ ᠪᠠᠩᠬᠢ ᠢ ᠬᠠᠮᠲᠤᠳᠬᠠᠬᠤ︾ ᠬᠠᠶᠢᠷ᠎ᠠ ᠬᠠᠯᠠᠮᠵᠢ ᠶᠢᠨ ᠰᠤᠷᠤᠯᠭ᠎ᠠ ᠶᠢ ᠲᠡᠳᠬᠦᠬᠦ ᠬᠠᠨᠳᠢᠪ ᠤᠨ ᠶᠣᠰᠣᠯᠠᠯ ᠶᠠᠪᠤᠭᠤᠯᠪᠠ᠃ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠹᠦ᠋ ᠴᠢᠶᠠᠩ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠰᠦᠨ ᠵᠧᠨ ᠬᠠᠶ᠂ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠢᠦᠶ ᠬᠤᠸᠠ ᠶᠠᠨ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠸᠠᠨ ᠯᠢ ᠶᠣᠰᠣᠯᠠᠯ ᠳᠤ ᠣᠷᠣᠯᠴᠠᠪᠠ᠃      ︽ᠬᠠᠶᠢᠷ᠎ᠠ ᠬᠠᠯᠠᠮᠵᠢ ᠪᠠᠷ ᠰᠦᠩᠱᠠᠨ ᠢ ᠳᠤᠯᠠᠭᠠᠯᠠᠵᠤ · ᠲᠠᠷᠢᠶᠠᠯᠠᠩ ᠬᠤᠳᠠᠯᠳᠤᠭᠠᠨ ᠤ ᠪᠠᠩᠬᠢ ᠢ ᠬᠠᠮᠲᠤᠳᠬᠠᠬᠤ︾ ᠬᠠᠶᠢᠷ᠎ᠠ ᠬᠠᠯᠠᠮᠵᠢ ᠶᠢᠨ ᠰᠤᠷᠤᠯᠭ᠎ᠠ ᠶᠢ ᠲᠡᠳᠬᠦᠬᠦ ᠠᠵᠢᠯᠯᠠᠭ᠎ᠠ ᠶᠢ ᠰᠦᠩᠱᠠᠨ ᠲᠣᠭᠤᠷᠢᠭ ᠤᠨ ᠡᠪᠯᠡᠯ ᠤᠨ  ᠬᠤᠷᠢᠶ᠎ᠠ ᠠᠴᠠ ᠰᠦᠩᠱᠠᠨ ᠲᠣᠭᠤᠷᠢᠭ ᠤᠨ ᠲᠠᠷᠢᠶᠠᠯᠠᠩ ᠬᠤᠳᠠᠯᠳᠤᠭᠠᠨ ᠤ ᠪᠠᠩᠬᠢ ᠲᠠᠢ ᠬᠠᠮᠲᠤᠷᠠᠨ ᠥᠷᠨᠢᠭᠦᠯᠵᠦ᠂ 4 ᠵᠢᠯ ᠤᠨ ᠬᠤᠭᠤᠴᠠᠭ᠎ᠠ ᠶᠢ ᠠᠰᠢᠭᠯᠠᠵᠤ᠂ 400 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ 200 ᠶᠠᠳᠠᠭᠤ ᠬᠦᠴᠢᠷᠳᠡᠯᠲᠡᠢ ᠤᠶᠤᠲᠠᠳ ᠢ ᠲᠤᠰᠠᠯᠠᠨ ᠰᠤᠷᠤᠯᠭ᠎ᠠ ᠶᠢ ᠨᠢ ᠲᠡᠭᠦᠰᠬᠡᠬᠦ ᠪᠠᠷ ᠲᠥᠯᠥᠪᠯᠡᠵᠦ᠂ ᠲᠡᠳᠬᠦᠮᠵᠢ ᠶᠢᠨ ᠮᠥᠩᠭᠦ ᠪᠠᠷ ᠲᠤᠰᠠᠯᠠᠭᠳᠠᠭᠰᠠᠨ ᠤᠶᠤᠲᠠᠳ ᠵᠢᠯ ᠪᠦᠷᠢ 5000 ᠲᠥᠭᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠵᠤ᠂ ᠶᠡᠭᠡ ᠰᠤᠷᠭᠠᠭᠤᠯᠢ ᠪᠠᠨ ᠲᠡᠭᠦᠰᠲᠡᠯ᠎ᠡ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠤᠯᠬᠤ ᠪᠣᠯᠤᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号