9 ᠰᠠᠷ᠎ᠠ ᠶᠢᠨ 1 ᠤ ᠥᠷᠯᠥᠭᠡ᠂ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠦᠩ ᠪᠦᠬᠦ ᠤᠯᠤᠰ ᠤᠨ ᠪᠣᠯᠪᠠᠰᠤᠨ ᠬᠤᠳᠠ ᠶᠢ | ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠲᠣᠭᠤᠷᠢᠭ ᠤᠨ ᠨᠠᠮ ᠤᠨ | ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠹᠦ᠋ ᠴᠢᠶᠠᠩ᠂ | ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠫᠧᠩ ᠹᠸᠢ ᠵᠢᠴᠢ ᠬᠠᠮᠢᠶ᠎ᠠ ᠪᠥᠬᠦᠶ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠵᠦᠩ ᠴᠢᠩ ᠰᠦᠩ ᠨᠡᠷ ᠤᠷᠢᠳ ᠬᠤᠵᠢᠳ ᠮᠦ ᠵᠢᠶᠠ ᠶᠢᠩᠽᠢ ᠪᠠᠯᠭᠠᠰᠤᠨ ᠤ ᠮᠦ ᠵᠢᠶᠠ ᠶᠢᠩᠽᠢ ᠰᠢᠨ᠎ᠡ | ᠲᠣᠰᠬᠤᠨ᠂ ᠶᠠ ᠽᠢ ᠾᠧ ᠰᠢᠨ᠎ᠡ ᠲᠣᠰᠬᠤᠨ᠂ ᠰᠢᠶᠠᠩ ᠶᠠᠩ ᠵᠡᠭᠡᠯᠢ ᠭᠤᠳᠤᠮᠵᠢ ᠶᠢᠨ ᠯᠢᠨ ᠾᠧ ᠪᠠᠭ᠎ᠠ | ᠲᠣᠭᠤᠷᠢᠭ᠂ ᠰᠢᠶᠠᠩ ᠶᠠᠩ ᠪᠠᠭ᠎ᠠ ᠲᠣᠭᠤᠷᠢᠭ ᠤᠨ ᠬᠤᠶᠠᠳᠤᠭᠠᠷ ᠳᠤᠭᠤᠶᠢᠯᠠᠩ ᠤᠨ ᠪᠦᠯᠬᠦᠮ᠂ ᠷᠦᠩ ᠴᠠᠩ | ᠭᠤᠳᠤᠮᠵᠢ᠂ ᠰᠦᠩ ᠴᠧᠩ ᠵᠡᠭᠡᠯᠢ ᠭᠤᠳᠤᠮᠵᠢ ᠶᠢᠨ ᠰᠢᠩ ᠭᠤᠸᠠᠩ ᠲᠢᠶᠠᠨ ᠳ᠋ᠢ ᠪᠠᠭ᠎ᠠ ᠲᠣᠭᠤᠷᠢᠭ ᠵᠡᠷᠭᠡ | ᠭᠠᠵᠠᠷ ᠲᠤ ᠬᠦᠷᠴᠦ᠂ ᠪᠠᠭ᠎ᠠ ᠲᠣᠭᠤᠷᠢᠭ ᠵᠢᠴᠢ ᠡᠷᠬᠢᠨ ᠲᠣᠭᠤᠷᠢᠨ ᠤ ᠵᠡᠭᠡᠯᠢ ᠭᠤᠳᠤᠮᠵᠢ ᠶᠢᠨ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ | ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠤᠬᠠᠭᠤᠯᠬᠤ᠂ ᠬᠠᠭᠤᠴᠢᠨ ᠪᠠᠭ᠎ᠠ ᠲᠣᠭᠤᠷᠢᠭ ᠢ ᠥᠭᠡᠷᠡᠴᠢᠯᠡᠬᠦ᠂ | ᠪᠠᠭ᠎ᠠ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ | ᠦᠵᠡᠬᠦ ᠶᠢᠨ ᠬᠠᠮᠲᠤ ᠬᠤᠳᠠ ᠪᠠᠶᠢᠭᠤᠯᠬᠤ ᠠᠵᠢᠯ ᠢ ᠰᠠᠶᠢᠲᠤᠷ ᠠᠳᠬᠤᠬᠤ ᠲᠠᠯ᠎ᠠ ᠪᠠᠷ ᠪᠣᠳᠠᠲᠠᠢ ᠱᠠᠭᠠᠷᠳᠠᠯᠭ᠎ᠠ | ᠳᠤᠷᠠᠳᠪᠠ᠃ | ᠵᠥᠩ ᠴᠢᠩ ᠰᠥᠩ ᠴᠢᠬᠤᠯᠠᠴᠢᠯᠠᠭᠰᠠᠨ ᠨᠢ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ | ᠪᠠᠶᠢᠭᠤᠯᠬᠤ ᠪᠣᠯ ᠠᠷᠠᠳ ᠣᠯᠠᠨ ᠳᠤ ᠠᠰᠢᠭ ᠬᠦᠷᠲᠡᠭᠡᠬᠦ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠡᠯ᠎ᠡ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠬᠠᠷᠠᠯᠲᠠ ᠶᠢᠨ ᠤᠳᠤᠷᠢᠳᠤᠮᠵᠢ ᠶᠢ ᠪᠠᠷᠢᠮᠲᠠᠯᠠᠨ᠂ ᠡᠭᠦᠳᠦᠨ | ᠪᠠᠶᠢᠭᠤᠯᠬᠤ ᠪᠠᠷᠢᠮᠵᠢᠶ᠎ᠠ ᠪᠠ ᠭᠤᠷᠪᠠᠳᠠᠬᠢ ᠡᠲᠡᠭᠡᠳ ᠤᠨ ᠰᠢᠯᠭᠠᠨ ᠲᠣᠭᠲᠠᠭᠠᠵᠤ ᠬᠠᠷᠢᠭᠤ ᠲᠤᠰᠬᠠᠬᠤ | ᠠᠰᠠᠭᠤᠳᠠᠯ ᠲᠠᠢ ᠴᠢᠩᠭ᠎ᠠ ᠬᠠᠷᠢᠴᠠᠭᠤᠯᠤᠨ᠂ ᠵᠠᠩᠭᠢᠯᠠᠭ᠎ᠠ ᠶᠢᠨ ᠭᠤᠭᠴᠤᠭ᠎ᠠ ᠪᠠ ᠴᠢᠬᠤᠯᠠ ᠴᠡᠭ ᠠᠴᠠ ᠵᠥᠷᠢᠶ᠎ᠡ ᠪᠠᠨ | ᠡᠷᠢᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ᠂ ᠨᠠᠩ | ᠪᠣᠳᠠᠲᠠᠶ ᠠᠷᠭ᠎ᠠ ᠬᠡᠮᠵᠢᠶ᠎ᠡ ᠪᠠᠷ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠠᠰᠤ ᠴᠢᠨᠠᠷ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠬᠡᠷᠡᠭᠲᠡᠶ᠃ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠪᠠ ᠵᠡᠭᠡᠯᠢ ᠭᠤᠳᠤᠮᠵᠢ ᠶᠢ | ᠥᠭᠡᠷᠡᠴᠢᠯᠡᠨ ᠰᠠᠶᠢᠵᠢᠷᠠᠭᠤᠯᠬᠤ ᠬᠤᠷᠳᠤᠴᠠ ᠶᠢ ᠲᠦᠷᠭᠡᠳᠬᠡᠨ ᠠᠬᠢᠭᠤᠯᠵᠤ᠂ ᠬᠦᠴᠦ ᠪᠠᠨ ᠲᠥᠪᠯᠡᠷᠡᠭᠦᠯᠦᠨ ︽ | ᠠᠭᠠᠷ ᠤᠨ ᠨᠢᠰᠦᠯᠲᠡ ᠶᠢᠨ ᠱᠤᠭᠤᠮ︾᠂ ᠳᠤᠷ᠎ᠠ ᠪᠠᠷ ᠢᠶᠠᠨ ᠪᠠᠶᠢᠭᠤᠯᠬᠤ᠂ ᠵᠠᠮ ᠡᠪᠳᠡᠷᠡᠭᠰᠡᠨ᠂ ᠳᠤᠷ᠎ᠠ ᠪᠠᠷ ᠢᠶᠠᠨ | ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠵᠡᠷᠭᠡ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ ᠰᠠᠭᠤᠭᠠᠯᠢ | ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠶ᠃ ᠤᠬᠠᠭᠤᠯᠭ᠎ᠠ ᠶᠢᠨ | ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠯᠠᠨ | ᠲᠦᠮᠡᠨ ᠤ ᠬᠤᠳᠠ ᠪᠠᠶᠢᠭᠤᠯᠬᠤ ᠠᠵᠢᠯ ᠢ ᠣᠶᠢᠯᠠᠭᠠᠬᠤ ᠨᠤᠷᠮ᠎ᠠ᠂ ᠣᠷᠣᠯᠴᠠᠬᠤ ᠬᠡᠮᠵᠢᠶ᠎ᠡ ᠶᠢ ᠲᠠᠰᠤᠷᠠᠯᠳᠠ ᠦᠭᠡᠢ | ᠳᠡᠭᠡᠭᠰᠢᠯᠡᠭᠦᠯᠵᠦ᠂ ᠬᠤᠳᠠ ᠶᠢᠨ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠪᠣᠯᠪᠠᠰᠤᠨ ᠰᠠᠶᠢᠬᠠᠨ | ᠠᠮᠢᠳᠤᠷᠠᠯ ᠤᠨ ᠠᠷᠭ᠎ᠠ ᠮᠠᠶ᠋ᠢᠭ ᠲᠠᠢ ᠪᠣᠯᠭᠠᠵᠤ᠂ ᠪᠦᠬᠦ ᠨᠡᠶᠢᠭᠡᠮ ᠢᠶᠠᠷ ᠢᠶᠠᠨ ᠬᠤᠳᠠ ᠪᠠᠶᠢᠭᠤᠯᠬᠤ ᠶᠢ ᠳᠡᠮᠵᠢᠬᠦ᠂ | ᠬᠤᠳᠠ ᠪᠠᠶᠢᠭᠤᠯᠬᠤ ᠳᠤ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃ ᠰᠠᠭᠤᠭᠠᠯᠢ | ᠠᠷᠠᠳ ᠤᠨ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠲᠣᠭᠲᠠᠴᠠ ᠶᠢ ᠨᠠᠷᠢᠨ ᠬᠢᠨᠠᠮᠠᠭᠠᠢ ᠰᠤᠳᠤᠯᠤᠨ | ᠲᠡᠭᠦᠯᠳᠡᠷᠵᠢᠭᠦᠯᠵᠦ᠂ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠤᠯᠠᠨ ᠲᠦᠮᠡᠨ ᠤ ᠵᠣᠯ ᠵᠢᠷᠭᠠᠯ ᠤᠨ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠢ ᠲᠠᠰᠤᠷᠠᠯᠲᠠ | ᠦᠭᠡᠢ ᠨᠡᠮᠡᠭᠳᠡᠭᠦᠯᠬᠦ ᠬᠡᠷᠡᠭᠲᠡᠢ᠃ |