8 ᠰᠠᠷ᠎ᠠ ᠶᠢᠨ 31 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨ | ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠥᠩ ᠴᠢᠩ ᠰᠥᠩ 2022 | ᠣᠨ ᠤ ᠲᠣᠭᠤᠷᠢᠭ ᠤᠨ ᠵᠠᠰᠠᠭ ᠤᠨ ᠣᠷᠳᠣᠨ ᠤ ᠳᠣᠯᠣᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ | ᠬᠤᠷᠠᠯᠳᠤᠭᠤᠯᠪᠠ᠃ | ᠬᠤᠷᠠᠯ ᠠᠴᠠ ︽ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ | ᠲᠤᠤᠱᠯᠠᠭᠤᠯᠵᠤ ᠪᠦᠬᠦ ᠨᠡᠶᠢᠭᠡᠮ ᠤᠨ ᠡᠬᠢ ᠪᠠᠶᠠᠯᠢᠭ ᠢ ᠪᠦᠬᠦ ᠲᠠᠯ᠎ᠠ ᠪᠠᠷ ᠠᠷᠪᠢᠯᠠᠨ ᠡᠷᠴᠢᠮᠵᠢᠭᠦᠯᠬᠦ ᠶᠢ ᠠᠬᠢᠭᠤᠯᠬᠤ | ᠲᠤᠬᠠᠢ ᠵᠢᠯᠣᠭᠤᠳᠬᠤ ᠰᠠᠨᠠᠯ︾᠂ ︽ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠵᠢᠯᠣᠭᠤᠳᠬᠤ ᠰᠠᠨᠠᠯ︾ ᠢ ᠤᠯᠠᠮᠵᠢᠯᠠᠨ ᠰᠤᠷᠤᠯᠴᠠᠪᠠ︔ | ᠲᠣᠭᠤᠷᠢᠭ ᠤᠨ ᠬᠤᠳᠠ ᠪᠠᠶᠢᠭᠤᠯᠬᠤ ᠠᠵᠢᠯ ᠢ ᠲᠤᠰᠬᠠᠢ ᠠᠬᠢᠭᠤᠯᠬᠤ ᠳᠤᠭᠤᠶᠢᠯᠠᠩ ᠤᠨ ᠠᠵᠢᠯ ᠤᠨ ᠠᠬᠢᠴᠠ᠂ | 2023 ᠣᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠲᠥᠯᠥᠪᠵᠢᠭᠦᠯᠭᠡ᠂ ᠥᠪᠡᠷᠲᠡᠭᠡᠨ ᠵᠠᠰᠠᠬᠤ ᠣᠷᠣᠨ᠂ | ᠤᠯᠠᠭᠠᠨᠬᠠᠳᠠ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ | ᠵᠤᠯᠭᠠᠭᠤᠯᠬᠤ ᠶᠢ ᠨᠢᠭᠤᠴᠠ ᠪᠠᠷ ᠰᠤᠷᠪᠤᠯᠵᠢᠯᠠᠭᠰᠠᠨ ᠢ ᠬᠠᠷᠢᠭᠤ ᠲᠤᠰᠬᠠᠭᠰᠠᠨ ᠠᠰᠠᠭᠤᠳᠠᠯ᠂ ︽ᠲᠠᠪᠤᠨ | ᠦᠨᠳᠦᠰᠦᠨ ᠵᠦᠢᠯ ᠢ ᠶᠡᠭᠡ ᠪᠠᠷ ᠡᠬᠢᠯᠡᠭᠦᠯᠦᠭᠰᠡᠨ︾ ᠠᠵᠢᠯ ᠵᠡᠷᠭᠡ ᠪᠠᠶᠢᠳᠠᠯ ᠢ ᠰᠤᠨᠤᠰᠴᠤ᠂ ᠳᠠᠷᠠᠭᠠᠴᠢ ᠶᠢᠨ | ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ ᠪᠠᠰᠠ ︽ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ︿ᠠᠷᠪᠠᠨ ᠳᠥᠷᠪᠡᠳᠦᠭᠡᠷ | ᠲᠠᠪᠤᠨ ᠵᠢᠯ﹀ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ︽ᠤᠯᠠᠭᠠᠨᠬᠠᠳᠠ | ᠬᠤᠲᠠ ᠶᠢᠨ ᠰᠦᠩᠱᠠᠨ ᠲᠣᠭᠤᠷᠢᠭ ᠤᠨ ᠶᠠᠰᠤ ᠴᠢᠨᠠᠷ ᠢ ᠱᠠᠩᠨᠠᠨ ᠬᠥᠬᠢᠭᠦᠯᠬᠦ ᠠᠷᠭ᠎ᠠ︾ ᠶᠢ ᠬᠢᠨᠠᠨ ᠵᠦᠪᠯᠡᠵᠦ | ᠪᠠᠲᠤᠯᠠᠨ᠂ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠡᠪᠡᠳᠴᠢᠲᠡᠨ ᠤ ᠥᠷᠥᠭᠡ ᠵᠢᠴᠢ ᠭᠠᠵᠠᠷ ᠳᠣᠤᠷᠠᠬᠢ | ᠲᠡᠷᠭᠡᠨ ᠬᠥᠮᠥᠷᠭᠡ ᠶᠢᠨ ᠲᠥᠷᠥᠯ ᠵᠦᠢᠯ ᠪᠣᠯᠤᠨ ᠥᠪᠥᠷ ᠮᠣᠩᠭᠤᠯ ᠤᠨ ᡂᠢ ᠴᠧᠩ ᠠᠵᠤ ᠦᠢᠯᠡᠰ ᠤᠨ ᠬᠢᠵᠠᠭᠠᠷᠲᠤ | ᠺᠣᠮᠫᠠᠨᠢ ᠪᠠᠶᠢᠭᠤᠯᠬᠤ ᠬᠤᠯᠪᠣᠭᠳᠠᠯ ᠪᠥᠬᠦᠶ ᠵᠦᠢᠯᠡᠰ ᠢ ᠰᠤᠳᠤᠯᠵᠠᠶ᠃ | ᠰᠦᠩᠱᠠᠨ ᠲᠣᠭᠤᠷᠢᠭ ᠤᠨ ᠤᠳᠤᠷᠢᠳᠤᠯᠭ᠎ᠠ ᠵᠤᠤ ᠶᠠ ᠳ᠋ᠦᠩ᠂ ᠯᠢᠶᠠᠩ ᠮᠢᠩ ᠽᠧ᠂ ᠰᠦᠩ ᠳ᠋ᠡ ᠹᠦ᠋᠂ | ᠵᠢᠶᠠ ᡁᠢ ᠬᠤᠩ᠂ ᠶᠠᠩ ᠯᠢ ᠬᠦᠩ᠂ ᠰᠢᠤᠢ ᠹᠸᠢ ᠶᠠᠨ᠂ ᠸᠠᠩ ᠫᠧᠩ ᠹᠸᠢ᠂ ᠢᠦᠢ ᠬᠤᠩ ᠯᠢᠨ᠂ ᠢᠦᠢ ᠬᠤᠸᠠ | ᠶᠠᠨ᠂ ᠲᠠᠩ ᠲᠢᠩ ᠲᠢᠩ ᠨᠡᠷ ᠬᠤᠷᠠᠯ ᠳᠤ ᠣᠷᠣᠯᠴᠠᠵᠠᠢ᠃ |