ᠵᠦᠩ ᠴᠢᠩ ᠰᠦᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/13
     9 ᠰᠠᠷ᠎ᠠ ᠶᠢᠨ 11 ᠤ ᠡᠳᠦᠷ ᠤᠨ ᠥᠷᠯᠥᠭᠡ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠥᠩ ᠴᠢᠩ ᠰᠥᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢ ᠳᠥᠯᠭᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃      ᠵᠥᠩ ᠴᠢᠩ ᠰᠥᠩ ᠵᠢᠭᠠᠵᠤ ᠭᠠᠷᠭᠠᠭᠰᠠᠨ ᠨᠢ᠂ ᠣᠳᠣᠬᠠᠨ ᠳᠤ᠂ ᠰᠦᠩᠱᠠᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠵᠤ᠂ ᠪᠦᠬᠦ ᠲᠤᠭᠤᠷᠢᠭ ᠢᠶᠠᠷ ᠢᠶᠠᠨ ᠦᠵᠡᠯ ᠰᠠᠨᠠᠭ᠎ᠠ ᠲᠠᠨᠢᠯᠲᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠳᠡᠭᠡᠳᠦ ᠱᠠᠲᠤᠨ ᠤ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠲᠠᠢ ᠴᠢᠩᠭ᠎ᠠ ᠬᠠᠷᠢᠴᠠᠭᠤᠯᠵᠤ᠂ ᠪᠦᠬᠦ ᠬᠦᠴᠦᠨ ᠢᠶᠠᠷ ᠢᠶᠠᠨ ᠳᠤᠲᠠᠭᠤᠳᠠᠯ ᠢ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠴᠢᠩᠭᠠᠳᠬᠠᠵᠤ᠂ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠵᠦ᠂ ᠡᠳᠦᠷ ᠲᠤ ᠳ᠋ᠦᠩᠨᠡᠨ ᠡᠳᠦᠷ ᠲᠤ ᠴᠡᠪᠡᠷᠯᠡᠵᠦ᠂ ᠡᠯ᠎ᠡ ᠭᠤᠭᠴᠤᠭ᠎ᠠ᠂ ᠡᠯ᠎ᠡ ᠶᠠᠪᠤᠴᠠ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠳᠠᠶᠢᠯᠠᠯᠳᠤᠭᠠᠨ᠂ ᠰᠥᠨᠥᠭᠡᠬᠦ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ᠃      ᠵᠦᠩ ᠴᠢᠩ ᠰᠦᠩ ᠴᠢᠬᠤᠯᠠᠴᠢᠯᠠᠭᠰᠠᠨ ᠨᠢ᠂ ᠰᠤᠷᠭᠠᠭᠤᠯᠢ ᠶᠢᠨ ᠬᠦᠷᠢᠶᠡᠨ ᠤ ᠬᠢᠵᠢᠭ ᠢ ᠰᠡᠷᠭᠡᠶᠢᠯᠡᠬᠦ ᠬᠠᠮᠢᠶᠠᠷᠤᠯᠲᠠ ᠪᠣᠯᠤᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠰᠤᠷᠭᠠᠭᠤᠯᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠪᠠᠭᠰᠢ ᠰᠤᠷᠤᠭᠴᠢ ᠶᠢᠨ ᠬᠤᠪᠢ ᠬᠥᠮᠦᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠭᠰᠢ ᠰᠤᠷᠤᠭᠴᠢ ᠶᠢᠨ ᠠᠮᠤᠷ ᠲᠦᠪᠰᠢᠨ ᠡᠷᠡᠭᠦᠯ ᠮᠡᠨᠳᠤ ᠶᠢ ᠪᠠᠲᠤᠯᠠᠬᠤ ᠬᠡᠷᠡᠭᠲᠡᠢ︔ ᠬᠥᠮᠦᠨ ᠤ ᠬᠦᠴᠦᠨ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠷ ᠪᠠᠶᠢᠷᠢᠯᠠᠭᠤᠯᠵᠤ᠂ ᠨᠡᠶᠢᠭᠡᠮ ᠤᠨ ᠲᠠᠯ᠎ᠠ ᠶᠢᠨ ᠬᠠᠮᠢᠶᠠᠷᠤᠯᠲᠠ ᠡᠵᠡᠮᠳᠡᠯ ᠢ ᠦᠷᠭᠦᠯᠵᠢᠯᠡᠨ ᠴᠢᠩᠭᠠᠳᠬᠠᠵᠤ᠂ ᠬᠢᠵᠢᠭ ᠢ ᠰᠡᠷᠭᠡᠶᠢᠯᠡᠬᠦ ᠠᠵᠢᠯ ᠤᠨ ᠦᠨᠡᠮᠯᠡᠯ ᠣᠯᠭᠤᠬᠤ ᠶᠢ ᠵᠢᠷᠤᠮᠵᠢᠭᠤᠯᠵᠤ᠂ ᠨᠡᠶᠢᠭᠡᠮ ᠤᠨ ᠲᠠᠯ᠎ᠠ ᠶᠢᠨ ᠬᠠᠮᠢᠶᠠᠷᠤᠯᠲᠠ ᠶᠢ ᠴᠢᠩᠭ᠎ᠠ ᠬᠠᠮᠢᠶᠠᠷᠴᠤ᠂ ᠸᠢᠷᠦ᠋ᠰ ᠲᠤ ᠶᠠᠮᠠᠷ ᠴᠤ ᠵᠠᠪᠰᠢᠬᠤ ᠲᠣᠬᠢᠶᠠᠯ ᠣᠯᠭᠤᠬᠤ ᠦᠭᠡᠢ ᠪᠠᠶᠢᠬᠤ ᠬᠡᠷᠡᠭᠲᠡᠢ︔ ᠬᠠᠩᠭᠠᠯᠭ᠎ᠠ ᠶᠢ ᠪᠠᠲᠤᠯᠠᠬᠤ ᠡᠵᠡᠩᠨᠡᠯᠲᠡ ᠶᠢᠨ ᠲᠣᠤᠷ ᠴᠢᠭ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠵᠡᠷᠭᠡ ᠡᠯ᠎ᠡ ᠲᠥᠷᠥᠯ ᠤᠨ ᠡᠳ᠋ ᠪᠣᠳᠠᠰ ᠤᠨ ᠪᠡᠯᠡᠳᠬᠡᠯ ᠠᠵᠢᠯ ᠢ ᠭᠦᠢᠴᠡᠳ ᠬᠢᠵᠦ᠂ ᠰᠠᠭᠤᠭᠠᠯᠢ ᠠᠷᠠᠳ ᠤᠨ ᠰᠦᠯᠵᠢᠶᠡᠨ ᠳᠡᠭᠡᠷ᠎ᠡ ᠬᠤᠳᠠᠯᠳᠤᠨ ᠠᠪᠬᠤ ᠶᠢ ᠳᠣᠭᠢᠷᠠᠭᠤᠯᠤᠨ ᠬᠦᠷᠭᠡᠬᠦ ᠴᠤᠪᠤᠷᠠᠯ ᠢ ᠰᠢᠯᠢᠳᠡᠭᠵᠢᠭᠦᠯᠦᠨ᠂ ᠳᠣᠭᠢᠷᠠᠭᠤᠯᠤᠨ ᠬᠦᠷᠭᠡᠬᠦ ᠠᠵᠢᠯᠲᠠᠨ ᠤ ᠬᠠᠮᠢᠶᠠᠷᠤᠯᠲᠠ ᠶᠢ ᠴᠢᠩᠭᠠᠳᠬᠠᠵᠤ᠂ ᠡᠳ᠋ ᠪᠣᠳᠠᠰ ᠤᠨ ᠬᠠᠩᠭᠠᠯᠭ᠎ᠠ ᠶᠢᠨ ᠭᠦᠢᠴᠡᠳ ᠪᠥᠭᠡᠳ ᠲᠣᠭᠲᠠᠭᠤᠨ ᠪᠠᠶᠢᠬᠤ ᠶᠢ ᠪᠠᠲᠤᠯᠠᠵᠤ᠂ ᠡᠳ᠋ ᠪᠣᠳᠠᠰ ᠤᠨ ᠵᠥᠭᠡᠭᠡᠪᠦᠷᠢᠯᠡᠯᠲᠡ ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ ᠶᠢ ᠪᠠᠲᠤᠯᠠᠬᠤ ᠬᠡᠷᠡᠭᠲᠡᠶ︔ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠤᠨ ᠬᠠᠮᠢᠶᠠᠷᠤᠯᠲᠠ ᠦᠢᠯᠡᠴᠢᠯᠡᠭᠡ ᠶᠢ ᠴᠢᠩᠭ᠎ᠠ ᠵᠢᠷᠤᠮᠵᠢᠭᠤᠯᠵᠤ᠂ ᠡᠯ᠎ᠡ ᠭᠤᠭᠴᠤᠭ᠎ᠠ ᠶᠢᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠬᠢᠵᠢᠭ ᠢ ᠰᠡᠷᠭᠡᠶᠢᠯᠡᠬᠦ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ︔ ᠠᠷᠢᠭᠤᠳᠬᠠᠨ ᠠᠷᠢᠯᠭᠠᠬᠤ᠂ ᠬᠤᠭ ᠨᠣᠪᠰᠢ ᠵᠢᠴᠢ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠡᠷᠭᠡ ᠰᠡᠷᠭᠡᠶᠢᠯᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠸᠢᠷᠦ᠋ᠰ ᠤᠨ ᠬᠠᠯᠳᠠᠪᠤᠷᠢᠯᠠᠨ ᠭᠠᠳᠠᠭᠰᠢ ᠪᠢᠯᠬᠠᠬᠤ ᠲᠦᠭᠰᠢᠭᠦᠷᠢ ᠶᠢ ᠦᠨᠡᠨᠬᠦ ᠠᠷᠢᠯᠭᠠᠬᠤ ᠬᠡᠷᠡᠭᠲᠡᠶ᠃      ᠬᠤᠷᠠᠯ ᠠᠴᠠ ᠪᠠᠰᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠭᠡ ᠵᠠᠩᠭᠢ ᠶᠢ ᠰᠤᠳᠤᠯᠤᠨ ᠮᠠᠭᠠᠳᠯᠠᠬᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ᠂ ᠴᠢᠬᠤᠯᠠ ᠵᠠᠮ ᠬᠠᠷᠢᠯᠴᠠᠭᠠᠨ ᠤ ᠵᠠᠮ ᠤᠨ ᠠᠭᠤᠯᠵᠠᠷ ᠢ ᠬᠠᠮᠢᠶᠠᠷᠤᠨ ᠡᠵᠡᠮᠳᠡᠬᠦ᠂ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠬᠤ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠰᠦᠩᠱᠠᠨ ᠲᠣᠭᠤᠷᠢᠭ ᠤᠨ ᠤᠳᠤᠷᠢᠳᠤᠯᠭ᠎ᠠ ᠹᠦ᠋ ᠴᠢᠶᠠᠩ᠂ ᠯᠢᠶᠠᠩ ᠮᠢᠩ ᠽᠧ᠂ ᠱᠢ ᠵᠢᠶᠠᠨ ᠪᠢᠨ᠂ ᠶᠠᠩ ᠯᠢ ᠬᠦᠩ᠂ ᠸᠠᠩ ᠫᠧᠩ ᠹᠸᠢ᠂ ᠢᠦᠢ ᠬᠤᠩ ᠯᠢᠨ᠂ ᠢᠦᠢ ᠬᠤᠸᠠ ᠶᠠᠨ ᠬᠤᠷᠠᠯ ᠳᠤ ᠣᠷᠣᠯᠴᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号