ᠵᠢᠶᠠᠩ ᠼᠦᠩ ᠨᠡᠶᠢᠭᠡᠮ ᠤᠨ ᠲᠠᠯ᠎ᠠ ᠶᠢᠨ ᠬᠠᠮᠢᠶᠠᠷᠤᠨ ᠡᠵᠡᠮᠳᠡᠬᠦ ᠠᠵᠢᠯ ᠢ ᠰᠢᠪᠠᠳᠠᠨ ᠵᠢᠯᠣᠭᠤᠳᠪᠠ
ᠨᠡᠶᠢᠲᠡᠯᠡᠭᠰᠡᠨ ᠴᠠᠭ᠄
2022/9/13
      9 ᠰᠠᠷ᠎ᠠ ᠶᠢᠨ 11 ᠤ ᠡᠳᠦᠷ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠢᠶᠠᠩ ᠼᠦᠩ ᠨᠡᠶᠢᠭᠡᠮ ᠤᠨ ᠲᠠᠯ᠎ᠠ ᠶᠢᠨ ᠬᠠᠮᠢᠶᠠᠷᠤᠨ ᠡᠵᠡᠮᠳᠡᠬᠦ ᠠᠵᠢᠯ ᠢ ᠰᠢᠪᠠᠳᠠᠨ ᠵᠢᠯᠣᠭᠤᠳᠪᠠ᠃ ᠲᠡᠷᠡ‌‍ᠴᠢᠩᠭᠠᠳᠬᠠᠭᠰᠠᠨ ᠨᠢ᠂ ᠨᠡᠶᠢᠭᠡᠮ ᠤᠨ ᠲᠠᠯ᠎ᠠ ᠠᠴᠠ ᠬᠠᠮᠢᠶᠠᠷᠤᠨ ᠡᠵᠡᠮᠳᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠬᠠᠮᠤᠭ ᠤᠨ ᠪᠣᠳᠠᠲᠠᠢ ᠠᠷᠭ᠎ᠠ ᠬᠡᠮᠵᠢᠶ᠎ᠡ᠂ ᠬᠠᠮᠤᠭ ᠤᠨ ᠲᠦᠷᠭᠡᠨ ᠬᠤᠷᠳᠤᠴᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠲᠤᠯᠭᠠᠷᠠᠭᠰᠠᠨ ᠳᠠᠶᠢᠯᠠᠯᠳᠤᠭᠠᠨ ᠤ ᠢᠯᠠᠯᠲᠠ ᠶᠢ ᠪᠦᠬᠦ ᠬᠦᠴᠦᠨ ᠢᠶᠠᠷ ᠢᠶᠠᠨ ᠤᠯᠬᠤ ᠬᠡᠷᠡᠭᠲᠡᠢ᠃      ᠵᠢᠶᠠᠩ ᠼᠦᠩ ᠤᠷᠢᠳ ᠬᠤᠵᠢᠳ ᠰᠠᠭᠤᠭᠠᠯᠢ ᠠᠷᠠᠳ ᠤᠨ ᠲᠣᠭᠤᠷᠢᠭ᠂ ᠵᠠᠮ ᠬᠠᠷᠢᠯᠴᠠᠭᠠᠨ ᠤ ᠪᠣᠭᠤᠮᠲᠠ ᠵᠡᠷᠭᠡ ᠭᠠᠵᠠᠷ ᠤᠨ ᠬᠤᠳᠠ ᠶᠢᠨ ᠲᠣᠭᠤᠷᠢᠭ ᠤᠨ ᠨᠡᠶᠢᠭᠡᠮ ᠤᠨ ᠲᠠᠯ᠎ᠠ ᠶᠢᠨ ᠠᠵᠢᠯᠳᠠᠨ ᠤ ᠬᠠᠮᠢᠶᠠᠷᠤᠯᠲᠠ ᠡᠵᠡᠮᠳᠡᠯ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ᠂ ᠠᠮᠢᠳᠤᠷᠠᠯ ᠤᠨ ᠡᠳ᠋ ᠪᠣᠳᠠᠰ ᠢ ᠲᠤᠬᠢᠷᠠᠭᠤᠯᠤᠨ ᠬᠦᠷᠭᠡᠬᠦ ᠶᠢ ᠪᠠᠲᠤᠯᠠᠭᠰᠠᠨ ᠵᠡᠷᠭᠡ ᠪᠠᠶᠢᠳᠠᠯ ᠢ ᠲᠣᠬᠢᠶᠠᠯᠳᠤᠯ ᠢᠶᠠᠷ ᠰᠣᠩᠭᠤᠨ ᠪᠠᠶᠢᠴᠠᠭᠠᠪᠠ᠃      ᠵᠢᠶᠠᠩ ᠼᠦᠩ ᠴᠢᠬᠤᠯᠠᠴᠢᠯᠠᠭᠰᠠᠨ ᠨᠢ᠂ ᠡᠯ᠎ᠡ ᠬᠠᠮᠢᠶᠠᠷᠤᠨ ᠡᠵᠡᠮᠳᠡᠬᠦ ᠬᠠᠷᠢᠭᠤᠴᠠᠯᠭᠠᠲᠤ ᠨᠢᠭᠡᠴᠡ ᠪᠣᠯᠤᠨ ᠬᠠᠷᠢᠶ᠎ᠠ ᠭᠠᠵᠠᠷ ᠤᠨ ᠬᠢᠨ ᠦᠷᠭᠦᠯᠵᠢᠯᠡᠨ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠨᠡᠶᠢᠭᠡᠮ ᠤᠨ ᠲᠠᠯ᠎ᠠ ᠶᠢᠨ ᠬᠠᠮᠢᠶᠠᠷᠤᠨ ᠡᠵᠡᠮᠳᠡᠬᠦ ᠡᠯ᠎ᠡ ᠵᠦᠢᠯ ᠤᠨ ᠠᠵᠢᠯ ᠢ ᠦᠷᠭᠦᠯᠵᠢᠯᠡᠨ ᠴᠢᠩᠭ᠎ᠠ ᠨᠢᠮᠪᠠᠶ ᠠᠳᠬᠤᠬᠤ ᠬᠡᠷᠡᠭᠲᠡᠶ᠃ ᠬᠤᠲᠠ᠂ ᠲᠣᠭᠤᠷᠢᠭ ᠤᠨ ᠡᠯ᠎ᠡ ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠣᠯᠠᠨ ᠬᠥᠮᠦᠨ ᠴᠤᠭᠯᠠᠷᠠᠬᠤ ᠶᠢ ᠴᠢᠩᠭ᠎ᠠ ᠰᠡᠷᠭᠡᠶᠢᠯᠡᠨ᠂ ᠳᠤᠷ᠎ᠠ ᠪᠠᠷ ᠢᠶᠠᠨ ᠭᠠᠳᠠᠭᠰᠢ ᠭᠠᠷᠬᠤ ᠶᠢ ᠴᠢᠩᠭ᠎ᠠ ᠰᠡᠷᠭᠡᠶᠢᠯᠡᠨ᠂ ᠭᠤᠭᠤᠵᠢᠭᠳᠠᠭᠰᠠᠨ ᠬᠥᠮᠦᠨ ᠢ ᠰᠢᠭᠰᠢᠨ ᠪᠠᠶᠢᠴᠠᠭᠠᠬᠤ ᠶᠢ ᠴᠢᠩᠭ᠎ᠠ ᠰᠡᠷᠭᠡᠶᠢᠯᠡᠨ᠂ ᠵᠠᠷᠯᠢᠭ ᠪᠠᠶᠢᠪᠠᠴᠤ ᠬᠡᠷᠡᠭᠵᠢᠭᠦᠯᠬᠦ ᠥᠬᠡᠶ᠂ ᠴᠠᠭᠠᠵᠠᠯᠠᠵᠤ ᠪᠠᠶᠢᠲᠠᠯ᠎ᠠ ᠵᠣᠭᠰᠣᠬᠤ ᠥᠬᠡᠶ ᠪᠠᠶᠢᠵᠤ ᠶᠠᠭᠠᠬᠢᠭᠰᠠᠨ ᠴᠤ ᠪᠣᠯᠬᠤ ᠥᠬᠡᠶ᠂ ᠨᠡᠶᠢᠭᠡᠮ ᠤᠨ ᠲᠠᠯ᠎ᠠ ᠶᠢᠨ ᠬᠠᠮᠢᠶᠠᠷᠤᠨ ᠡᠵᠡᠮᠳᠡᠬᠦ ᠦᠷ᠎ᠡ ᠪᠦᠲᠦᠮᠵᠢ ᠶᠢ ᠪᠥᠬᠦ ᠬᠦᠴᠦᠨ ᠢᠶᠠᠷ ᠢᠶᠠᠨ ᠪᠠᠬᠢᠵᠢᠭᠦᠯᠬᠦ ᠬᠡᠷᠡᠭᠲᠡᠶ᠃ ᠤᠯᠠᠨ ᠲᠦᠮᠡᠨ ᠤ ᠠᠵᠢᠯ ᠢ ᠬᠦᠯᠢᠴᠡᠩᠭᠦᠢ ᠪᠠᠷ ᠨᠠᠷᠢᠨ ᠬᠢᠨᠠᠮᠠᠭᠠᠢ ᠰᠠᠶᠢᠲᠤᠷ ᠬᠢᠵᠦ᠂ ᠰᠠᠭᠤᠭᠠᠯᠢ ᠠᠷᠠᠳ ᠲᠤ ᠬᠢᠵᠢᠭ ᠤᠨ ᠪᠠᠶᠢᠳᠠᠯ᠂ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠲᠣᠳᠣᠷᠬᠠᠢ ᠶᠠᠷᠢᠵᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠲᠣᠣᠷ ᠢ ᠤᠯᠠᠮ ᠨᠢᠭᠡ ᠠᠯᠬᠤᠮ ᠨᠢᠭᠲᠠ ᠪᠥᠭᠡᠳ ᠪᠠᠲᠤ ᠰᠦᠯᠵᠢᠶ᠎ᠡ ᠲᠠᠢ ᠪᠣᠯᠭᠠᠬᠤ ᠬᠡᠷᠡᠭᠲᠡᠢ᠃ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠠᠭᠤᠭᠠᠯᠢ ᠠᠷᠠᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠡᠮᠬᠢ ᠵᠢᠷᠤᠮ ᠲᠠᠢ᠂ ᠡᠳ᠋ ᠪᠣᠳᠠᠰ ᠤᠨ ᠬᠠᠩᠭᠠᠯᠭ᠎ᠠ ᠭᠦᠢᠴᠡᠳ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠦᠨᠳᠦᠰᠦᠨ ᠱᠠᠲᠤᠨ ᠤ ᠬᠦᠴᠦᠨ ᠢ ᠪᠦᠷᠢᠨ ᠳᠤᠬᠢᠷᠠᠭᠤᠯᠤᠨ ᠬᠦᠴᠦᠷᠬᠡᠭᠵᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠳᠠᠶᠢᠴᠢᠯᠠᠵᠤ ᠲᠦᠷᠦᠭᠦᠯᠡᠨ ᠦᠯᠢᠭᠡᠷ ᠳᠠᠭᠤᠷᠢᠶᠠᠯ ᠦᠵᠡᠭᠦᠯᠵᠦ᠂ ᠡᠮᠦᠨ᠎ᠡ ᠨᠢ ᠭᠠᠪᠰᠢᠭᠠᠶᠢᠯᠠᠵᠤ᠂ ᠨᠡᠩ ᠤᠯᠠᠨ ᠰᠠᠶᠢᠨ ᠳᠤᠷ᠎ᠠ ᠶᠢᠨ ᠠᠵᠢᠯᠯᠠᠭᠰᠠᠳ ᠢ ᠬᠦᠳᠦᠯᠦᠨ ᠵᠢᠯᠣᠭᠤᠳᠴᠤ ᠪᠠᠶᠢᠭᠠᠳ ᠬᠢᠵᠢᠭ ᠢ ᠰᠡᠷᠭᠡᠶᠢᠯᠡᠨ ᠬᠢᠵᠢᠭ ᠢ ᠡᠰᠡᠷᠭᠦᠴᠡᠬᠦ ᠨᠢᠭᠡᠳᠦᠭᠡᠷ ᠹᠷᠣᠨᠲ ᠲᠤ ᠢᠳᠡᠪᠬᠢᠲᠡᠢ ᠣᠷᠣᠯᠴᠠᠭᠤᠯᠵᠤ᠂ ᠦᠨᠳᠦᠰᠦᠨ ᠱᠠᠲᠤᠨ ᠤ ᠬᠢᠵᠢᠭ ᠢ ᠰᠡᠷᠭᠡᠶᠢᠯᠡᠬᠦ ᠬᠦᠴᠦᠨ ᠢ ᠳᠠᠰᠤᠷᠠᠯᠳᠠ ᠦᠬᠡᠢ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠭᠡ ᠳᠠᠶᠢᠨ ᠤ ᠶᠡᠭᠡ ᠰᠢᠯᠭᠠᠯᠲᠠ ᠳᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃      ᠡᠨᠡ ᠬᠤᠭᠤᠴᠠᠭᠠᠨ ᠳᠤ᠂ ᠵᠢᠶᠠᠩ ᠼᠦᠩ ᠭᠠᠵᠠᠷ ᠰᠢᠨᠵᠢᠯᠡᠭᠡᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠠᠭ᠎ᠠ ᠲᠣᠭᠤᠷᠢᠭ᠂ ᠾᠧᠩ ᠵᠢᠶ ᠰᠢᠨ ᠵᠢᠤᠢ ᠪᠠᠭ᠎ᠠ ᠲᠣᠭᠤᠷᠢᠭ᠂ ᠪᠠ ᠵᠢᠶᠠ ᠱᠠᠨ ᠱᠠᠩ ᠺᠠᠨ ᠰᠢᠶᠠ ᠪᠠᠭ᠎ᠠ ᠲᠣᠭᠤᠷᠢᠭ ᠤᠨ ᠨᠡᠶᠢᠭᠡᠮ ᠲᠣᠭᠤᠷᠢᠭ ᠤᠨ ᠪᠢᠲᠡᠭᠦᠮᠵᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠢᠲᠡᠭᠦᠮᠵᠢᠯᠡᠨ ᠡᠵᠡᠮᠳᠡᠬᠦ ᠲᠣᠭᠤᠷᠢᠭ ᠤᠨ ᠪᠥᠭᠡᠮ ᠬᠦᠴᠢᠯ ᠢ ᠪᠠᠶᠢᠴᠠᠭᠠᠨ ᠰᠢᠯᠭᠠᠬᠤ᠂ ᠠᠷᠢᠭᠤᠳᠬᠠᠨ ᠠᠷᠢᠯᠭᠠᠬᠤ᠂ ᠡᠳ᠋ ᠪᠣᠳᠠᠰ ᠢ ᠪᠠᠲᠤᠯᠠᠬᠤ ᠵᠡᠷᠭᠡ ᠠᠵᠢᠯ ᠳᠤ ᠱᠠᠭᠠᠷᠳᠠᠯᠭ᠎ᠠ ᠳᠤᠷᠠᠳᠪᠠ᠃      ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠹᠦ᠋ ᠴᠢᠶᠠᠩ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠠᠷᠤᠭ᠎ᠠ ᠶᠠᠩ ᠯᠢ ᠬᠥᠩ ᠰᠢᠪᠠᠳᠠᠨ ᠵᠢᠯᠣᠭᠤᠳᠬᠤ ᠳᠤ ᠣᠷᠣᠯᠴᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号