9 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨ | ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠥᠩ ᠴᠢᠩ ᠰᠥᠩ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢ ᠳᠥᠯᠭᠢᠨ ᠠᠬᠢᠭᠤᠯᠬᠤ ᠬᠤᠷᠠᠯ ᠢ ᠡᠷᠭᠢᠯᠡᠨ | ᠬᠤᠷᠠᠯᠳᠤᠭᠤᠯᠪᠠ᠃ | ᠵᠥᠩ ᠴᠢᠩ ᠰᠥᠩ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ᠨᠡᠶᠢᠭᠡᠮ ᠤᠨ ᠡᠯ᠎ᠡ ᠵᠦᠢᠯ ᠤᠨ ᠬᠠᠮᠢᠶᠠᠷᠤᠨ | ᠡᠵᠡᠮᠳᠡᠬᠦ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠣᠨᠣᠪᠴᠢᠲᠠᠶ ᠨᠠᠶᠢᠳᠠᠪᠤᠷᠢᠵᠢᠭᠤᠯᠵᠤ᠂ ᠪᠠᠴᠢᠮ ᠪᠥᠭᠡᠳ ᠡᠮᠬᠢ | ᠵᠢᠷᠤᠮ ᠲᠠᠢ ᠪᠠᠷ ︽ᠬᠢᠵᠢᠭ︾ ᠢ ᠡᠰᠡᠷᠭᠦᠴᠡᠬᠦ ᠠᠭᠤᠷ ᠠᠮᠢᠰᠬᠤᠯ ᠢ ᠦᠨᠡᠨ ᠬᠦ ᠪᠣᠶ ᠪᠣᠯᠭᠠᠵᠤ᠂ ᠨᠡᠶᠢᠭᠡᠮ ᠤᠨ | ᠬᠠᠮᠢᠶᠠᠷᠤᠨ ᠡᠵᠡᠮᠳᠡᠬᠦ ᠶᠢᠨ ᠪᠥᠬᠦ ᠲᠠᠯ᠎ᠠ ᠶᠢ ᠬᠠᠮᠤᠷᠬᠤ᠂ ᠥᠨᠴᠥᠭ ᠪᠤᠯᠤᠩ ᠥᠬᠡᠶ᠂ ᠳᠠᠯᠳᠠ ᠬᠡᠮ ᠥᠬᠡᠶ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ︾ ᠶᠢ ᠢᠮᠠᠭᠲᠠ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢᠨ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠡᠯ᠎ᠡ ᠵᠠᠰᠠᠮᠠᠯ | ᠵᠠᠮ ᠤᠨ ᠪᠣᠭᠤᠮᠲᠠ ᠶᠢᠨ ᠭᠤᠭᠤᠵᠢᠭᠳᠠᠭᠰᠠᠨ ᠴᠡᠭ ᠪᠠ ᠲᠦᠭᠰᠢᠭᠦᠷᠢ ᠶᠢᠨ ᠴᠡᠭ ᠢ ᠴᠢᠨᠠᠭᠰᠢᠳᠠ ᠪᠠᠶᠢᠴᠠᠭᠠᠵᠤ᠂ | ᠬᠠᠷᠢᠭᠤᠴᠠᠯᠭ᠎ᠠ ᠶᠢ ᠳᠠᠬᠢᠨ ᠪᠣᠳᠠᠲᠠᠶᠢᠵᠢᠭᠤᠯᠵᠤ᠂ ᠡᠭᠦᠷᠭᠡ ᠶᠢ ᠳᠠᠬᠢᠨ ᠨᠠᠷᠢᠯᠢᠬᠵᠢᠭᠤᠯᠵᠤ᠂ ᠠᠷᠭ᠎ᠠ ᠬᠡᠮᠵᠢᠶ᠎ᠡ ᠶᠢ | ᠳᠠᠬᠢᠨ ᠣᠨᠣᠪᠴᠢᠲᠠᠢ ᠪᠠᠶᠢᠯᠭᠠᠵᠤ᠂ ᠰᠦᠩᠱᠠᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ | ᠰᠡᠷᠭᠡᠶᠢᠯᠡᠯᠲᠡ ᠶᠢᠨ ᠱᠤᠭᠤᠮ ᠢ ᠡᠷᠡᠰ ᠰᠠᠬᠢᠬᠤ ᠬᠡᠷᠡᠭᠲᠡᠢ᠃ ᠲᠤᠰᠠᠭᠠᠷᠯᠠᠬᠤ ᠲᠠᠯᠠᠪᠤᠷ ᠤᠨ ᠬᠢᠨᠠᠯᠲᠠ | ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠠᠷᠢᠮᠵᠢᠶ᠎ᠠ ᠶᠢ ᠴᠢᠩᠳᠠᠯᠠᠵᠤ᠂ ᠴᠤᠪᠤᠷᠠᠯ ᠢ | ᠵᠢᠷᠤᠮᠵᠢᠭᠤᠯᠤᠨ᠂ ᠰᠢᠨᠵᠢᠯᠡᠬᠦ ᠤᠬᠠᠭᠠᠨᠴᠢ ᠪᠠᠷ ᠬᠠᠮᠢᠶᠠᠷᠴᠤ᠂ ᠲᠤᠰᠠᠭᠠᠷᠯᠠᠬᠤ ᠴᠡᠭ ᠤᠨ ᠬᠠᠮᠢᠶᠠᠷᠤᠯᠲᠠ | ᠦᠢᠯᠡᠴᠢᠯᠡᠭᠡᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠤᠰᠠᠭᠠᠷᠯᠠᠬᠤ ᠲᠠᠯᠠᠪᠤᠷ ᠲᠤ | ᠠᠰᠠᠭᠤᠳᠠᠯ ᠭᠠᠷᠬᠤ ᠠᠴᠠ ᠡᠷᠡᠰ ᠵᠠᠶᠢᠯᠠᠰᠬᠢᠬᠦ ᠬᠡᠷᠡᠭᠲᠡᠶ᠃ ᠲᠥᠪᠯᠡᠷᠡᠭᠦᠯᠦᠨ ᠲᠤᠰᠠᠭᠠᠷᠯᠠᠬᠤ ᠴᠡᠭ ᠢ ᠴᠢᠩᠭ᠎ᠠ | ᠨᠠᠶᠢᠳᠠᠪᠤᠷᠢᠵᠢᠭᠤᠯᠵᠤ᠂ ᠵᠢᠵᠢᠭ ᠲᠣᠭᠤᠷᠢᠭ ᠤᠨ ᠠᠷᠢᠭᠤᠳᠬᠠᠨ ᠠᠷᠢᠯᠭᠠᠬᠤ᠂ ᠬᠤᠭ ᠨᠣᠪᠰᠢ ᠵᠢᠴᠢ ᠡᠮᠴᠢᠯᠡᠭᠡᠨ ᠤ | ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠡᠷᠭᠡ ᠰᠡᠷᠭᠡᠶᠢᠯᠡᠬᠦ ᠱᠠᠭᠠᠷᠳᠠᠯᠭ᠎ᠠ ᠶᠢ ᠪᠢᠲᠡᠭᠦᠮᠵᠢᠯᠡᠨ ᠡᠵᠡᠮᠳᠡᠵᠦ᠂ | ᠸᠢᠷᠦ᠋ᠰ ᠤᠨ ᠬᠠᠯᠳᠠᠪᠤᠷᠢᠯᠠᠨ ᠭᠠᠳᠠᠭᠰᠢ ᠪᠢᠯᠬᠠᠬᠤ ᠲᠦᠭᠰᠢᠭᠦᠷᠢ ᠶᠢ ᠦᠨᠡᠨᠬᠦ ᠠᠷᠢᠯᠭᠠᠬᠤ ᠬᠡᠷᠡᠭᠲᠡᠶ᠃ ᠬᠠᠩᠭᠠᠯᠭ᠎ᠠ ᠶᠢ | ᠪᠠᠲᠤᠯᠠᠬᠤ ᠬᠥᠮᠦᠰ ᠤᠨ ᠪᠥᠭᠡᠮ ᠬᠦᠴᠢᠯ ᠤᠨ ᠥᠯᠢᠭᠡᠷ ᠠᠪᠬᠤ ᠠᠵᠢᠯ ᠢ ᠰᠠᠶᠢᠲᠤᠷ ᠬᠢᠵᠦ᠂ ᠪᠠᠶᠢᠴᠠᠭᠠᠬᠤ | ᠶᠣᠰᠣᠲᠠᠶ ᠶᠢ ᠨᠢ ᠴᠥᠮ ᠪᠠᠶᠢᠴᠠᠭᠠᠵᠤ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠪᠡᠶᠡᠯᠡᠭᠦᠯᠵᠦ᠂ | ᠬᠢᠵᠢᠭ ᠤᠨ ᠪᠠᠶᠢᠳᠠᠯ ᠢ ᠨᠢᠭᠤᠨ ᠳᠠᠯᠳᠠᠯᠠᠵᠤ ᠬᠠᠯᠳᠠᠪᠤᠷᠢᠯᠠᠬᠤ ᠶᠢ ᠰᠡᠷᠭᠡᠶᠢᠯᠡᠬᠦ ᠬᠡᠷᠡᠭᠲᠡᠶ᠃ ᠪᠥᠭᠡᠮ ᠬᠦᠴᠢᠯ ᠤᠨ | ᠦᠯᠢᠭᠡᠷ ᠠᠪᠬᠤ ᠠᠵᠢᠯ ᠤᠨ ᠶᠠᠰᠤ ᠴᠢᠨᠠᠷ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠥᠭᠡᠮ | ᠬᠦᠴᠢᠯ ᠤᠨ ᠦᠯᠢᠭᠡᠷ ᠠᠪᠬᠤ ᠵᠢᠷᠤᠮᠵᠢᠯ ᠤᠨ ᠴᠢᠨᠠᠷ ᠪᠣᠯᠤᠨ ᠣᠨᠣᠪᠴᠢᠲᠤ ᠴᠢᠨᠠᠷ ᠢ ᠲᠠᠰᠤᠷᠠᠯᠳᠠ ᠥᠭᠡᠢ | ᠳᠡᠭᠡᠭᠰᠢᠯᠡᠭᠦᠯᠬᠦ ᠬᠡᠷᠡᠭᠲᠡᠶ᠃ ᠳᠡᠭᠡᠳᠦ ᠱᠠᠲᠤᠨ ᠤ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ | ᠵᠢᠴᠢ ᠥᠪᠡᠷ ᠢᠶᠠᠨ ᠪᠠᠶᠢᠴᠠᠭᠠᠭᠰᠠᠨ ᠠᠰᠠᠭᠤᠳᠠᠯ ᠤᠨ ᠲᠣᠭᠤᠷᠢᠨ ᠳᠤ ᠵᠤᠷᠪᠤᠰ ᠳᠠᠷᠠᠭᠠᠯᠠᠨ ᠨᠠᠷᠢᠨ ᠲᠠᠩᠰᠠ ᠶᠢᠨ ᠡᠬᠡ | ᠲᠠᠩᠰᠠ ᠶᠢ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠠᠲᠤᠳᠬᠠᠨ᠂ ᠲᠦᠷᠭᠡᠨ ᠴᠢᠩᠭ᠎ᠠ᠂ | ᠨᠢᠭᠡ ᠠᠴᠠ ᠵᠦᠢᠴᠢᠯᠡᠵᠦ ᠭᠤᠷᠪᠠ ᠶᠢ ᠠᠳᠬᠤᠵᠤ ᠴᠡᠭᠴᠡᠯᠡᠨ ᠰᠠᠶᠢᠵᠢᠷᠠᠭᠤᠯᠵᠤ᠂ ᠡᠯ᠎ᠡ ᠲᠥᠷᠥᠯ ᠤᠨ ᠠᠰᠠᠭᠤᠳᠠᠯ ᠢ | ᠴᠠᠭ ᠲᠤᠬᠠᠶ ᠳᠤᠨᠢ᠂ ᠲᠦᠢᠯᠪᠤᠷᠢᠲᠠᠶ᠂ ᠪᠣᠳᠠᠲᠠᠶ ᠪᠠᠷ ᠥᠭᠡᠷᠡᠴᠢᠯᠡᠬᠦ ᠶᠢ ᠪᠠᠲᠤᠯᠠᠬᠤ ᠬᠡᠷᠡᠭᠲᠡᠶ᠃ | ᠰᠦᠩᠱᠠᠨ ᠲᠣᠭᠤᠷᠢᠭ ᠤᠨ ᠤᠳᠤᠷᠢᠳᠤᠯᠭ᠎ᠠ ᠴᠢᠨ ᠢᠦᠢ ᠬᠤᠤ᠂ ᠹᠦ᠋ ᠴᠢᠶᠠᠩ᠂ ᠯᠢᠶᠠᠩ ᠮᠢᠩ ᠽᠧ᠂ ᠶᠠᠩ | ᠯᠢ ᠬᠦᠩ᠂ ᠸᠠᠩ ᠫᠧᠩ ᠹᠸᠢ᠂ ᠢᠦᠢ ᠬᠤᠩ ᠯᠢᠨ᠂ ᠢᠦᠢ ᠬᠤᠸᠠ ᠶᠠᠨ᠂ ᠲᠠᠩ ᠲᠢᠩ ᠲᠢᠩ ᠬᠤᠷᠠᠯ ᠳᠤ | ᠣᠷᠣᠯᠴᠠᠭᠰᠠᠨ ᠪᠥᠭᠡᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ | ᠬᠦᠷᠢᠶᠡᠨ ᠤ ᠭᠤᠣᠯᠳᠠᠯᠭ᠎ᠠ ᠲᠠᠢ ᠠᠵᠢᠯ ᠢ ᠲᠤᠰ ᠲᠤᠰ ᠲᠤᠬᠢᠷᠠᠭᠤᠯᠤᠨ ᠪᠠᠶᠢᠷᠢᠯᠠᠭᠤᠯᠵᠠᠢ᠃ |