ᠵᠥᠩ ᠴᠢᠩ ᠰᠥᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠮ ᠬᠠᠷᠢᠯᠴᠠᠭᠠᠨ ᠤ ᠬᠠᠮᠢᠶᠠᠷᠤᠨ ᠡᠵᠡᠮᠳᠡᠬᠦ ᠠᠵᠢᠯ ᠢ ᠳᠥᠯᠭᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/14
      9 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠥᠩ ᠴᠢᠩ ᠰᠥᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠮ ᠬᠠᠷᠢᠯᠴᠠᠭᠠᠨ ᠤ ᠬᠠᠮᠢᠶᠠᠷᠤᠨ ᠡᠵᠡᠮᠳᠡᠬᠦ ᠠᠵᠢᠯ ᠢ ᠳᠥᠯᠭᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃      ᠵᠥᠩ ᠴᠢᠩ ᠰᠥᠩ ᠵᠢᠭᠠᠵᠤ ᠭᠠᠷᠭᠠᠭᠰᠠᠨ ᠨᠢ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠮᠥᠨ ᠬᠦ ᠬᠦᠨᠳᠦ ᠨᠣᠴᠢᠲᠠᠶ ᠪᠥᠭᠡᠳ ᠨᠠᠷᠢᠨ ᠪᠤᠳᠤᠯᠢᠶᠠᠨᠲᠠᠶ ᠪᠠᠶᠢᠵᠤ᠂ ᠬᠢᠵᠢᠭ ᠤᠨ ᠪᠠᠶᠢᠳᠠᠯ ᠢ ᠣᠷᠣᠭᠤᠯᠬᠤ ᠠᠶᠤᠯ ᠲᠦᠭᠰᠢᠭᠦᠷᠢ ᠮᠥᠨ ᠬᠦ ᠨᠡᠯᠢᠶᠡᠳ ᠶᠡᠭᠡ ᠪᠠᠶᠢᠨ᠎ᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠢ ᠪᠥᠬᠦ ᠲᠠᠯ᠎ᠠ ᠪᠠᠷ ᠣᠨᠣᠪᠴᠢᠲᠠᠶ ᠲᠠᠨᠢᠵᠤ᠂ ᠰᠣᠬᠤᠷ ᠪᠠᠯᠠᠶ ᠪᠠᠷ ᠪᠠᠶᠠᠷᠯᠠᠬᠤ ᠰᠡᠳᠬᠢᠯᠭᠡ ᠪᠠ ᠠᠵᠠ ᠵᠠᠪᠰᠢᠶᠠᠨ ᠢ ᠬᠥᠭᠡᠭᠡᠴᠡᠯᠳᠦᠬᠦ ᠰᠡᠳᠬᠢᠯᠭᠡ ᠪᠠᠨ ᠡᠷᠡᠰ ᠲᠡᠪᠴᠢᠵᠦ᠂ ᠡᠯ᠎ᠡ ᠵᠦᠢᠯ ᠤᠨ ᠪᠠᠶᠢᠴᠠᠭᠠᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠶ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ︽ᠭᠠᠳᠠᠨ᠎ᠠ ᠠᠴᠠ ᠰᠡᠷᠭᠡᠶᠢᠯᠡᠨ ᠣᠷᠣᠭᠤᠯᠬᠤ︾ ᠵᠠᠮ ᠬᠠᠷᠢᠯᠴᠠᠭᠠᠨ ᠤ ᠰᠡᠷᠭᠡᠶᠢᠯᠡᠯᠲᠡ ᠶᠢᠨ ᠱᠤᠭᠤᠮ ᠢ ᠪᠥᠬᠦ ᠬᠦᠴᠦᠨ ᠢᠶᠠᠷ ᠢᠶᠠᠨ ᠪᠠᠬᠢᠵᠢᠭᠦᠯᠬᠦ ᠬᠡᠷᠡᠭᠲᠡᠶ᠃      ᠵᠥᠩ ᠴᠢᠩ ᠰᠥᠩ ᠴᠢᠬᠤᠯᠠᠴᠢᠯᠠᠭᠰᠠᠨ ᠨᠢ᠂ ᠵᠠᠮ ᠬᠠᠷᠢᠯᠴᠠᠭᠠᠨ ᠤ ᠪᠣᠭᠤᠮᠲᠠ ᠶᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠪᠥᠬᠦ ᠲᠠᠯ᠎ᠠ ᠪᠠᠷ ᠴᠢᠩᠭᠠᠳᠬᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠤᠨ᠂ ᠴᠢᠩᠭ᠎ᠠ ᠪᠥᠭᠡᠳ ᠨᠠᠷᠢᠯᠢᠭ ᠪᠠᠶᠢᠯᠭᠠᠵᠤ᠂ ︽ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠬᠦ︾ ᠪᠣᠭᠤᠮᠲᠠ ᠶᠢ ᠡᠷᠡᠰ ᠪᠠᠲᠤ ᠰᠠᠬᠢᠬᠤ ᠬᠡᠷᠡᠭᠲᠡᠶ᠃ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠤᠨ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠳ ᠲᠦᠷᠦᠭᠦᠯᠡᠬᠦ ᠦᠢᠯᠡᠳᠦᠯ ᠢᠶᠠᠨ ᠪᠠᠳᠠᠷᠠᠭᠤᠯᠵᠤ᠂ ᠵᠠᠮ ᠬᠠᠷᠢᠯᠴᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠡᠯ᠎ᠡ ᠰᠢᠶᠠᠩ ᠪᠠᠯᠭᠠᠰᠤ ᠯᠤᠭ᠎ᠠ ᠢᠳᠡᠪᠬᠢᠲᠡᠶ ᠬᠠᠮᠵᠢᠯᠴᠠᠨ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠬᠥᠳᠡᠯᠦᠯᠴᠡᠵᠦ᠂ ᠬᠢᠵᠢᠭ ᠤᠨ ᠪᠠᠶᠢᠳᠠᠯ ᠤᠨ ᠵᠠᠮ ᠬᠠᠷᠢᠯᠴᠠᠭ᠎ᠠ ᠪᠠᠷ ᠳᠡᠮᠵᠢᠨ ᠲᠠᠷᠬᠠᠬᠤ ᠶᠢ ᠦᠨᠡᠨᠬᠦ ᠬᠤᠷᠢᠭᠯᠠᠬᠤ ᠬᠡᠷᠡᠭᠲᠡᠶ᠃ ᠴᠠᠭᠳᠠᠭᠠᠨ ᠤ ᠬᠦᠴᠦᠨ ᠢ ᠰᠢᠨᠵᠢᠯᠡᠬᠦ ᠤᠬᠠᠭᠠᠨᠴᠢ ᠪᠠᠷ ᠵᠣᠬᠢᠰᠲᠠᠢ ᠲᠤᠬᠢᠷᠠᠭᠤᠯᠵᠤ᠂ ᠵᠢᠵᠢᠭᠦᠷᠯᠡᠨ ᠰᠠᠬᠢᠬᠤ ᠬᠦᠴᠦᠨ ᠢ ᠴᠢᠩᠭ᠎ᠠ ᠲᠤᠬᠢᠷᠠᠭᠤᠯᠵᠤ᠂ 24 ᠴᠠᠭ ᠢᠶᠠᠷ ᠵᠢᠵᠢᠭᠦᠷᠯᠡᠨ ᠰᠠᠬᠢᠬᠤ ᠶᠢ ᠪᠠᠷᠢᠮᠲᠠᠯᠠᠬᠤ ᠬᠡᠷᠡᠭᠲᠡᠢ᠃ ᠰᠢᠶᠠᠩ ᠪᠠᠯᠭᠠᠰᠤ ᠶᠢᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠨ᠂ ᠪᠣᠯᠪᠠᠰᠤᠷᠠᠭᠤᠯᠤᠯ ᠤᠨ ᠬᠢᠨᠠᠨ ᠵᠢᠯᠣᠭᠤᠳᠴᠤ ᠪᠠᠶᠢᠴᠠᠭᠠᠬᠤ ᠶᠢ ᠴᠢᠩᠭᠠᠳᠬᠠᠵᠤ᠂ ᠠᠰᠠᠭᠤᠳᠠᠯ ᠪᠠᠶᠢᠬᠤ ᠶᠢ ᠣᠯᠵᠤ ᠮᠡᠳᠡᠪᠡᠯ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠵᠤ᠂ ᠡᠯ᠎ᠡ ᠪᠣᠭᠤᠮᠲᠠ ᠶᠢᠨ ᠠᠮᠤᠷ ᠲᠦᠪᠰᠢᠨ ᠡᠮᠬᠢ ᠳᠢᠭᠯᠢᠮ ᠲᠠᠢ ᠥᠨᠳᠥᠷ ᠦᠷ᠎ᠡ ᠪᠦᠲᠦᠮᠵᠢᠲᠡᠶ ᠪᠠᠷ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠴᠢᠩᠭ᠎ᠠ ᠬᠠᠮᠢᠶᠠᠷᠤᠨ ᠡᠵᠡᠮᠳᠡᠬᠦ ᠪᠠ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠲᠠᠷᠢᠶᠠᠯᠠᠩ ᠤᠨ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠲᠠᠷᠢᠶᠠᠯᠠᠩ ᠤᠨ ᠬᠡᠪ ᠤᠨ ᠦᠢᠯᠡᠳᠪᠦᠷᠢᠯᠡᠯ ᠤᠨ ᠡᠮᠬᠢ ᠳᠢᠭᠯᠢᠮ ᠢ ᠴᠢᠷᠮᠠᠶᠢᠨ ᠪᠠᠲᠤᠯᠠᠬᠤ ᠬᠡᠷᠡᠭᠲᠡᠢ᠃       ᠬᠤᠷᠠᠯ ᠨᠢ ᠸᠢᠳᠢᠣ᠋ ᠶᠢᠨ ᠬᠡᠯᠪᠡᠷᠢ ᠪᠠᠷ ᠶᠠᠪᠤᠭᠳᠠᠪᠠ᠃ ᠲᠣᠭᠤᠷᠢᠭ ᠤᠨ ᠤᠳᠤᠷᠢᠳᠤᠯᠭ᠎ᠠ ᠸᠠᠩ ᠱᠦᠨ᠂ ᠴᠢᠨ ᠢᠦᠶ ᠬᠤᠤ᠂ ᠰᠦᠨ ᠶᠢᠩ᠂ ᠵᠣᠣ ᠶᠠ ᠳ᠋ᠦᠩ᠂ ᠵᠢᠶᠠ ᡁᠢ ᠬᠤᠩ᠂ ᠰᠦᠨ ᠵᠧᠨ ᠬᠠᠶ᠂ ᠶᠠᠩ ᠯᠢ ᠬᠥᠩ᠂ ᠢᠦᠶ ᠬᠤᠸᠠ ᠶᠠᠨ᠂ ᠶᠣᠣ ᠰᠢᠤᠸᠠᠢ ᠱᠤ᠋ ᠲᠣᠰ ᠲᠣᠰ ᠭᠤᠤᠯ ᠬᠤᠷᠠᠯ ᠤᠨ ᠲᠠᠯᠠᠪᠠᠶ ᠪᠠ ᠬᠤᠪᠢᠶᠠᠷᠢ ᠬᠤᠷᠠᠯ ᠤᠨ ᠲᠠᠯᠠᠪᠠᠶ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号