ᠰᠦᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2022/9/6
      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠦᠨᠡᠨᠬᠦ ᠰᠠᠶᠢᠲᠤᠷ ᠬᠢᠵᠦ᠂ ᠰᠠᠭᠤᠭᠠᠯᠢ ᠠᠷᠠᠳ ᠤᠨ ᠪᠡᠶ᠎ᠡ ᠶᠢᠨ ᠡᠷᠡᠭᠦᠯ ᠮᠡᠨᠳᠦ ᠪᠣᠯᠤᠨ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠶᠢᠨ ᠲᠥᠯᠥᠭᠡ᠂ ᠤᠢᠢᠷ᠎ᠠ ᠶᠢᠨ ᠡᠳᠦᠷ ᠤᠳ ᠲᠤ ᠰᠦᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠶ᠎ᠠ ᠲᠣᠭᠤᠷᠢᠭ ᠤᠨ ᠬᠡᠳᠦ ᠳᠡᠯᠭᠡᠭᠦᠷ᠂ ᠡᠮ ᠤᠨ ᠳᠡᠯᠭᠡᠭᠦᠷ ᠵᠡᠷᠭᠡ ᠭᠤᠣᠯᠳᠠᠯᠭ᠎ᠠ ᠲᠠᠢ ᠲᠠᠯᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠤᠰᠬᠠᠢ ᠪᠠᠶᠢᠴᠠᠭᠠᠯᠲᠠ ᠬᠢᠪᠡ᠃      ᠪᠠᠶᠢᠴᠠᠭᠠᠯᠲᠠ ᠶᠢᠨ ᠳᠤᠮᠳᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠬᠠᠷᠢᠶ᠎ᠠ ᠣᠷᠣᠨ ᠤ ᠪᠠᠨ ᠡᠯ᠎ᠡ ᠳᠡᠯᠭᠡᠭᠦᠷ᠂ ᠵᠠᠬ᠎ᠠ ᠳᠡᠯᠭᠡᠭᠦᠷ ᠵᠡᠷᠭᠡ ᠡᠵᠡᠩᠨᠡᠯᠲᠡ ᠶᠢᠨ ᠲᠠᠯᠠᠪᠤᠷ ᠭᠠᠵᠠᠷ ᠤᠨ ᠡᠯ᠎ᠡ ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠡᠵᠡᠩᠨᠡᠯᠲᠡ ᠶᠢᠨ ᠭᠠᠵᠠᠷ  ᠢ ᠳᠡᠯᠭᠡᠭᠦᠷ ᠲᠤ ᠣᠷᠣᠬᠤ ᠬᠥᠮᠦᠰ ᠤᠨ ᠺᠣᠳ᠋ ᠰᠢᠷᠪᠢᠬᠦ᠂ ᠳᠤᠯᠠᠭᠠᠨ ᠤ ᠬᠡᠮᠵᠢᠶ᠎ᠡ ᠶᠢ ᠬᠡᠮᠵᠢᠬᠦ᠂ ᠠᠮᠠᠪᠴᠢ ᠵᠡᠭᠦᠬᠦ᠂ ᠮᠡᠳᠡᠭᠡ ᠵᠠᠩᠭᠢ ᠶᠢ ᠳᠠᠩᠰᠠᠯᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠢ ᠠᠷᠢᠭᠤᠳᠬᠠᠬᠤ ᠶᠢ ᠪᠦᠬᠦ ᠲᠠᠯ᠎ᠠ ᠪᠠᠷ ᠪᠡᠶᠡᠯᠡᠭᠦᠯᠵᠦ᠂ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠴᠢᠩᠭᠠᠳᠬᠠᠵᠤ᠂ ᠬᠢᠵᠢᠭ ᠢ ᠰᠡᠷᠭᠡᠶᠢᠯᠡᠬᠦ ᠪᠠᠲᠤ ᠪᠠᠬᠢ ᠬᠠᠯᠬᠠᠪᠴᠢ ᠶᠢ ᠴᠣᠭᠴᠠᠯᠠᠬᠤ ᠬᠡᠷᠡᠭᠲᠡᠢ ᠭᠡᠵᠦ ᠱᠠᠭᠠᠷᠳᠠᠵᠠᠢ᠃      ᠡᠯ᠎ᠡ ᠳᠤᠮᠳᠠ ᠵᠢᠵᠢᠭ ᠬᠡᠯᠪᠡᠷᠢ ᠶᠢᠨ ᠬᠡᠲᠦ ᠳᠡᠯᠭᠡᠭᠦᠷ ᠲᠤ᠂ ᠠᠵᠢᠯᠲᠠᠨ ᠪᠠᠷᠠᠭ᠎ᠠ ᠣᠷᠣᠭᠤᠯᠬᠤ ᠵᠠᠮ ᠮᠥᠷ᠂ ᠴᠢᠨᠠᠷ ᠢ ᠪᠠᠲᠤᠯᠠᠬᠤ ᠬᠤᠭᠤᠴᠠᠭ᠎ᠠ᠂ ᠬᠠᠳᠠᠭᠠᠯᠠᠬᠤ ᠨᠥᠬᠦᠴᠡᠯ᠂ ᠦᠨ᠎ᠡ ᠬᠠᠩᠰᠢ ᠶᠢᠨ ᠬᠡᠯᠪᠡᠯᠵᠡᠯ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠤ᠂ ᠡᠵᠡᠩᠨᠡᠭᠴᠢᠳ ᠲᠤ ᠴᠠᠭ ᠲᠤᠬᠠᠶ ᠳᠤᠨᠢ ᠦᠨ᠎ᠡ ᠬᠠᠩᠰᠢ ᠶᠢᠨ ᠮᠡᠳᠡᠭᠡ ᠵᠠᠩᠭᠢ ᠪᠠᠨ ᠰᠢᠨᠡᠳᠬᠡᠵᠦ᠂ ᠵᠠᠷᠯᠠᠨ ᠨᠡᠶᠢᠲᠡᠯᠡᠭᠰᠡᠨ ᠦᠨ᠎ᠡ ᠬᠠᠩᠰᠢ ᠪᠠᠷ ᠪᠣᠷᠣᠯᠠᠭᠤᠯᠤᠨ᠂ ᠬᠡᠷᠡᠭᠯᠡᠭᠡ ᠶᠢᠨ ᠢᠯᠡ ᠲᠣᠳᠣ ᠪᠠᠶᠢᠬᠤ ᠶᠢ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ ᠪᠠᠷᠠᠭᠠᠨ ᠤ ᠦᠨ᠎ᠡ ᠶᠢ ᠲᠦᠷᠬᠢᠭᠦᠯᠦᠨ ᠥᠰᠬᠡᠵᠦ ᠪᠣᠯᠬᠤ ᠥᠬᠡᠶ᠂ ᠬᠠᠷᠢᠯᠴᠠᠨ ᠰᠥᠯᠪᠡᠭᠡᠯᠳᠦᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠡᠵᠡᠮᠳᠡᠵᠦ ᠪᠣᠯᠬᠤ ᠥᠬᠡᠶ ᠭᠡᠵᠦ ᠰᠠᠨᠠᠭᠤᠯᠪᠠ᠃      ᠡᠮ ᠤᠨ ᠳᠡᠯᠭᠡᠭᠦᠷ ᠲᠤ ᠪᠠᠶᠢᠴᠠᠭᠠᠯᠲᠠ ᠬᠢᠬᠦ ᠳᠡᠭᠡᠨ᠂ ᠬᠠᠤᠯᠢ ᠬᠡᠷᠡᠭᠵᠢᠭᠦᠯᠬᠦ ᠠᠵᠢᠯᠲᠠᠨ ᠡᠮ ᠤᠨ ᠵᠦᠢᠯ ᠤᠨ ᠪᠠᠷᠠᠭ᠎ᠠ ᠣᠷᠣᠭᠤᠯᠬᠤ ᠠᠷᠭ᠎ᠠ ᠵᠠᠮ᠂ ᠨᠥᠭᠡᠴᠡᠯᠡᠯ᠂ ᠪᠣᠷᠣᠯᠠᠭᠤᠯᠭ᠎ᠠ ᠶᠢᠨ ᠪᠠᠶᠢᠳᠠᠯ ᠵᠡᠷᠭᠡ ᠶᠢ ᠨᠠᠷᠢᠨ ᠨᠢᠮᠪᠠᠶ ᠪᠠᠶᠢᠴᠠᠭᠠᠨ ᠦᠵᠡᠵᠦ᠂ ᠡᠯ᠎ᠡ ᠡᠮ ᠤᠨ ᠳᠡᠯᠭᠡᠭᠦᠷ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ  ᠤᠨ ᠠᠷᠭ᠎ᠠ ᠬᠡᠮᠵᠢᠶ᠎ᠡ ᠪᠠ ︽ᠳᠥᠷᠪᠡᠨ ᠲᠥᠷᠥᠯ︾ ᠤᠨ ᠡᠮ ᠤᠨ ᠵᠦᠢᠯ ᠢ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号