2022 ᠣᠨ ᠤ 9 ᠰᠠᠷ᠎ᠠ ᠶᠢᠨ 5 ᠤ ᠡᠳᠦᠷ ᠤᠨ 6 ᠴᠠᠭ ᠠᠴᠠ ᠡᠬᠢᠯᠡᠨ᠂ ᠤᠯᠠᠭᠠᠨᠬᠠᠳᠠ ᠬᠤᠲᠠ ᠶᠢᠨ | ᠲᠥᠪ ᠬᠤᠲᠠ ᠶᠢᠨ ᠲᠣᠭᠤᠷᠢᠭ ᠲᠤ ᠬᠤᠶᠠᠳᠤᠭᠠᠷ ᠡᠭᠡᠯᠵᠢ ᠶᠢᠨ ᠣᠷᠣᠨ ᠪᠦᠰᠡ ᠶᠢᠨ ᠪᠥᠭᠡᠮ ᠬᠦᠴᠢᠯ ᠤᠨ ᠰᠢᠯᠭᠠᠨ | ᠪᠠᠶᠢᠴᠠᠭᠠᠯᠲᠠ ᠶᠢ ᠥᠷᠨᠢᠭᠦᠯᠵᠦ᠂ ᠨᠡᠶᠢᠲᠡ 935823 ᠬᠥᠮᠦᠨ ᠤ ᠥᠯᠢᠭᠡᠷ ᠡᠳ᠋ ᠠᠪᠴᠤ᠂ ᠰᠢᠯᠭᠠᠨ | ᠪᠠᠶᠢᠴᠠᠭᠠᠭᠰᠠᠨ ᠦᠷ᠎ᠡ ᠳ᠋ᠦᠩ ᠨᠢ ᠴᠥᠮ ᠪᠢᠯᠢᠭ ᠴᠢᠨᠠᠷᠲᠠᠶ ᠪᠤᠯᠤᠨ᠎ᠠ᠃ | ᠣᠳᠣᠬᠠᠨ ᠳᠤ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠮᠥᠨ ᠬᠦ | ᠬᠦᠨᠳᠦ ᠬᠡᠴᠡᠭᠦᠦ ᠪᠠᠶᠢᠭᠰᠠᠭᠠᠷ᠂ ᠶᠠᠭᠠᠬᠢᠭᠰᠠᠨ ᠴᠤ ᠬᠥᠩᠭᠡᠨ ᠬᠠᠭᠤᠮᠠᠭᠠᠶ ᠪᠠᠷ ᠬᠠᠨᠳᠤᠵᠤ ᠪᠣᠯᠬᠤ ᠦᠭᠡᠢ᠃ ᠪᠥᠬᠦ | ᠬᠤᠲᠠ ᠪᠠᠷ ᠢᠶᠠᠨ ᠬᠠᠷᠢᠶ᠎ᠠ ᠭᠠᠵᠠᠷ᠂ ᠰᠠᠯᠠᠭ᠎ᠠ ᠮᠥᠴᠢᠷ᠂ ᠨᠢᠭᠡᠴᠡ᠂ ᠬᠤᠪᠢ ᠬᠥᠮᠦᠨ ᠤ ᠳᠥᠷᠪᠡᠨ ᠲᠠᠯ᠎ᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠲᠠᠨ ᠤ ᠡᠳᠦᠷ ᠲᠤᠲᠤᠮ ᠤᠨ ᠡᠷᠡᠭᠦᠯ ᠮᠡᠨᠳᠦ ᠶᠢᠨ ᠬᠢᠨᠠᠨ | ᠬᠡᠮᠵᠢᠯᠲᠡ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ | 9 ᠰᠠᠷ᠎ᠠ ᠶᠢᠨ 6 ᠤ ᠡᠳᠦᠷ ᠤᠨ 6 ᠴᠠᠭ ᠲᠤ᠂ ᠤᠯᠠᠭᠠᠨᠬᠠᠳᠠ ᠬᠤᠲᠠ ᠶᠢᠨ ᠲᠥᠪ ᠬᠤᠲᠠ ᠶᠢᠨ | ᠲᠣᠭᠤᠷᠢᠭ ᠲᠤ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠦᠷᠭᠦᠯᠵᠢᠯᠡᠨ ᠥᠷᠨᠢᠭᠦᠯᠵᠦ᠂ | ᠥᠷᠭᠡᠨ ᠣᠯᠠᠨ ᠬᠤᠲᠠ ᠶᠢᠨ ᠠᠷᠠᠳ ᠪᠥᠭᠡᠮ ᠬᠦᠴᠢᠯ ᠤᠨ ᠥᠯᠢᠭᠡᠷ ᠠᠪᠬᠤ ᠳᠤ ᠢᠳᠡᠪᠬᠢᠲᠡᠶ ᠪᠥᠭᠡᠳ ᠡᠮᠬᠢ | ᠵᠢᠷᠤᠮ ᠲᠠᠢ ᠪᠠᠷ ᠤᠷᠤᠯᠴᠠᠬᠤ ᠪᠤᠯᠪᠠᠤ᠃ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠦᠷᠭᠦᠯᠵᠢ ᠰᠠᠯᠬᠢ | ᠨᠡᠪᠲᠡᠷᠡᠭᠦᠯᠬᠦ ᠶᠢ ᠦᠷᠭᠦᠯᠵᠢᠯᠡᠨ ᠪᠠᠷᠢᠮᠲᠠᠯᠠᠵᠤ᠂ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠲᠤᠯᠠᠵᠤ | ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠤᠢᠢᠯᠠᠭᠠᠨ ᠳᠡᠮᠵᠢᠬᠦ ᠪᠠ ᠬᠠᠮᠵᠢᠯᠴᠠᠵᠤ᠂ | ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ ᠲᠠᠷᠬᠠᠭᠠᠬᠤ ᠦᠭᠡᠢ᠂ ᠴᠤᠤᠷᠬᠠᠯ ᠲᠠᠯᠪᠢᠬᠤ ᠦᠭᠡᠢ ᠪᠠᠶᠢᠵᠤ᠂ | ᠬᠢᠵᠢᠭ ᠢ ᠡᠰᠡᠷᠭᠦᠴᠡᠬᠦ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠬᠢᠵᠢᠭ ᠤᠨ ᠪᠠᠶᠢᠳᠠᠯ ᠢ ᠬᠠᠮᠲᠤᠪᠠᠷ ᠢᠯᠠᠨ ᠳᠠᠪᠠᠶ᠎ᠠ︕ | |