9 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠡᠮᠡᠭᠲᠡᠶᠢᠴᠦᠳ | ᠬᠡᠤᠬᠡᠳ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ | ᠲᠦᠷᠦᠭᠦᠬᠡᠨ᠂ ᠰᠦᠩᠱᠠᠨ ᠲᠣᠭᠤᠷᠢᠭ ︽ᠰᠦᠩᠱᠠᠨ ᠲᠣᠭᠤᠷᠢᠭ ᠤᠨ ᠡᠮᠡᠭᠲᠡᠶᠢᠴᠦᠳ ᠤᠨ ᠬᠥᠭᠵᠢᠯᠲᠡ ᠶᠢᠨ | ᠲᠥᠯᠥᠪᠵᠢᠭᠦᠯᠭᠡ ︵2021 — 2030 ᠣᠨ︶︾ ︽ᠰᠦᠩᠱᠠᠨ ᠲᠣᠭᠤᠷᠢᠭ ᠤᠨ ᠬᠡᠤᠬᠡᠳ ᠤᠨ | ᠬᠥᠭᠵᠢᠯᠲᠡ ᠶᠢᠨ ᠲᠥᠯᠥᠪᠵᠢᠭᠦᠯᠭᠡ ︵2021 — 2030 ᠣᠨ︶︾ ᠶᠢ ᠳᠠᠷᠤᠮᠠᠯᠯᠠᠨ ᠲᠠᠷᠬᠠᠭᠠᠪᠠ᠃ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠰᠦᠩᠱᠠᠨ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ | ᠵᠥᠪᠯᠡᠯ ᠤᠨ ᠠᠯᠪᠠᠨ ᠭᠡᠷ᠂ ᠡᠮᠡᠭᠲᠡᠶᠢᠴᠦᠳ ᠤᠨ ᠬᠤᠯᠪᠣᠭ᠎ᠠ᠂ ᠰᠤᠷᠭᠠᠨ ᠬᠥᠮᠦᠵᠢᠯ ᠤᠨ ᠲᠤᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ | ᠲᠤᠰ ᠲᠤᠰ ᠮᠠᠨ ᠤ ᠲᠤᠭᠤᠷᠢᠭ ᠤᠨ ᠡᠮᠡᠭᠲᠡᠶᠢᠴᠦᠳ ᠬᠡᠦᠬᠡᠳ ᠤᠨ ᠬᠥᠭᠵᠢᠯᠲᠡ ᠶᠢᠨ ︽ᠬᠤᠶᠠᠷ ᠲᠥᠯᠥᠪᠵᠢᠭᠦᠯᠭᠡ︾ | ᠶᠢᠨ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠤᠨ ᠲᠠᠶᠢᠯᠪᠤᠷᠢᠯᠠᠪᠠ᠃ | ᠰᠢᠨ᠎ᠡ ︽ᠬᠤᠶᠠᠷ ᠲᠥᠯᠥᠪᠵᠢᠭᠦᠯᠭᠡ︾ ᠶᠢ ᠬᠡᠷᠡᠭᠵᠢᠭᠦᠯᠬᠦ ᠦᠶᠡᠯᠡᠯ ᠤᠨ ᠬᠤᠭᠤᠴᠠᠭᠠᠨ ᠳᠤ᠂ ᠰᠦᠩᠱᠠᠨ | ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ | ᠭᠡᠷ ᠪᠦᠯᠢ ᠶᠢᠨ ᠬᠥᠮᠦᠵᠢᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠬᠤ ᠲᠤᠬᠠᠢ ᠴᠢᠬᠤᠯᠠ | ᠥᠭᠦᠯᠡᠯᠲᠡ ᠶᠢᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ | ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠡᠮᠡᠭᠲᠡᠶᠢᠴᠦᠳ ᠤᠨ ᠬᠤᠯᠪᠣᠭ᠎ᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠭᠡᠷ ᠪᠦᠯᠢ ᠨᠢ | ᠴᠠᠭ ᠦᠶ᠎ᠡ ᠲᠠᠢ ᠬᠠᠮᠲᠤ ᠤᠷᠤᠭᠰᠢᠯᠠᠨᠠᠮ — ᠬᠠᠮᠤᠭ ᠤᠨ ᠭᠤᠶᠤ ᠭᠡᠷ ᠪᠦᠯᠢ ᠶᠢ ᠡᠷᠢᠯᠬᠢᠯᠡᠬᠦ︾ ᠵᠡᠷᠭᠡ | ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠥᠷᠭᠡᠨ ᠤᠯᠠᠨ ᠡᠮᠡᠭᠲᠡᠶᠢᠴᠦᠳ ᠬᠡᠦᠬᠡᠳ ᠤᠨ ᠬᠦᠷᠲᠡᠮᠵᠢ ᠶᠢᠨ | ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ | ᠨᠡᠮᠡᠭᠳᠡᠭᠦᠯᠵᠦ᠂ ᠤᠯᠤᠰ ᠢᠶᠠᠨ ᠬᠠᠶᠢᠷᠠᠯᠠᠵᠤ ᠭᠡᠷ ᠢᠶᠠᠨ ᠬᠠᠶᠢᠷᠠᠯᠠᠬᠤ᠂ ᠥᠭᠡᠳᠡᠯᠡᠨ ᠲᠠᠪᠰᠢᠬᠤ᠂ ᠬᠠᠷᠢᠯᠴᠠᠨ | ᠬᠠᠶᠢᠷᠠᠯᠠᠯᠴᠠᠬᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠨᠡᠶᠢᠭᠡᠮ ᠵᠢᠷᠤᠮ ᠤᠨ ᠭᠡᠷ ᠪᠦᠯᠢ ᠶᠢᠨ ᠪᠣᠯᠪᠠᠰᠤᠨ ᠤ | ᠰᠢᠨ᠎ᠡ ᠬᠡᠪ ᠰᠤᠷᠲᠠᠯ ᠢ ᠪᠦᠷᠢᠯᠳᠦᠭᠦᠯᠬᠦ ᠶᠢ ᠴᠢᠨᠠᠭᠰᠢᠳᠠ ᠠᠬᠢᠭᠤᠯᠤᠨ᠎ᠠ᠃ |