ᠤᠯᠠᠭᠠᠨᠬᠠᠳᠠ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2022/9/7
       ᠤᠯᠠᠭᠠᠨᠬᠠᠳᠠ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ      ︹2022︺46 ᠳ᠋ᠤᠭᠠᠷ ᠲᠣᠭᠠᠲᠤ      2022 ᠣᠨ ᠤ 9 ᠰᠠᠷ᠎ᠠ ᠶᠢᠨ 6 ᠤ ᠡᠳᠦᠷ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠯᠲᠠ ᠳᠤᠮᠳᠠ᠂ ᠰᠦᠩᠱᠠᠨ ᠲᠣᠭᠤᠷᠢᠭ ᠲᠤ ᠰᠢᠨ᠎ᠡ ᠲᠢᠲᠢᠮᠯᠢᠭ ᠸᠢᠷᠦ᠋ᠰ ᠤᠨ ᠠᠷᠭ᠎ᠠ ᠴᠢᠨᠠᠷᠲᠠᠶ ᠬᠠᠯᠳᠠᠪᠤᠷᠢᠯᠠᠭᠰᠠᠳ ᠢ ᠢᠯᠡᠷᠡᠭᠦᠯᠵᠦ᠂ ᠳᠠᠯᠳᠠ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠥᠷᠭᠡᠨ ᠣᠯᠠᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠰᠤᠳᠤᠯᠤᠨ ᠮᠠᠭᠠᠳᠯᠠᠭᠰᠠᠨ ᠢᠶᠠᠷ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠬᠤᠩᠱᠠᠨ ᠲᠣᠭᠤᠷᠢᠭ᠂ ᠰᠦᠩᠱᠠᠨ ᠲᠣᠭᠤᠷᠢᠭ ᠤᠨ ᠪᠥᠬᠦ ᠣᠷᠣᠨ ᠪᠦᠰᠡ ᠵᠢᠴᠢ ᠬᠠᠷᠠᠴᠢᠨ ᠬᠤᠰᠢᠭᠤᠨ ᠤ ᠬᠡᠰᠡᠭ ᠭᠠᠵᠠᠷ ᠣᠷᠣᠨ ᠳᠤ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ᠪᠠᠷ ᠰᠤᠳᠤᠯᠤᠨ ᠲᠣᠭᠲᠠᠭᠠᠪᠠ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠬᠦᠷᠢᠶ᠎ᠡ ᠬᠡᠪᠴᠢᠶ᠎ᠡ᠄ ᠬᠤᠩᠱᠠᠨ ᠲᠣᠭᠤᠷᠢᠭ᠂ ᠰᠦᠩᠱᠠᠨ ᠲᠣᠭᠤᠷᠢᠭ ᠤᠨ ᠪᠥᠬᠦ ᠴᠠᠷᠠᠭ᠎ᠠ᠂ ᠬᠠᠷᠠᠴᠢᠨ ᠬᠤᠰᠢᠭᠤᠨ ᠤ ᠨᠢᠤ ᠵᠢᠶᠠ ᠶᠢᠩᠽᠢ ᠪᠠᠯᠭᠠᠰᠤ ᠶᠢᠨ ᠪᠥᠬᠦ ᠴᠠᠷᠠᠭ᠎ᠠ᠃      ᠬᠤᠶᠠᠷ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ ᠴᠠᠭ᠄ 2022 ᠣᠨ ᠤ 9 ᠰᠠᠷ᠎ᠠ ᠶᠢᠨ 7 ᠤ ᠡᠳᠦᠷ ᠠᠴᠠ 9 ᠤ ᠡᠳᠦᠷ ᠪᠣᠯᠲᠠᠯ᠎ᠠ ᠡᠳᠦᠷ ᠪᠦᠷᠢ ᠶᠢᠨ 6 ᠴᠠᠭ ᠠᠴᠠ ᠡᠬᠢᠯᠡᠵᠦ᠂ ᠡᠳᠦᠷ ᠪᠦᠷᠢ 1 ᠡᠭᠡᠯᠵᠢ ᠶᠢᠨ ᠣᠷᠣᠨ ᠪᠦᠰᠡ ᠶᠢᠨ ᠪᠥᠭᠡᠮ ᠬᠦᠴᠢᠯ ᠢ ᠪᠠᠶᠢᠴᠠᠭᠠᠨ ᠰᠢᠯᠭᠠᠨ᠎ᠠ᠃      ᠭᠤᠷᠪᠠ᠂ ᠳᠡᠭᠡᠷ᠎ᠡ ᠳᠤᠷᠠᠳᠤᠭᠰᠠᠨ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠥᠷᠨᠢᠭᠦᠯᠬᠦ ᠬᠤᠭᠤᠴᠠᠭᠠᠨ ᠳᠠᠬᠢ ᠠᠩᠬᠠᠷᠬᠤ ᠵᠦᠢᠯᠡᠰ ᠵᠢᠴᠢ ᠬᠠᠮᠢᠶ᠎ᠠ ᠪᠥᠬᠦᠶ ᠱᠠᠭᠠᠷᠳᠠᠯᠭ᠎ᠠ ᠶᠢ ᠤᠯᠠᠭᠠᠨᠬᠠᠳᠠ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ ︵︹2022︺44  ᠳ᠋ᠦ᠋ᠭᠡᠷ ᠲᠣᠭᠠᠲᠤ︶ ᠤᠨ ᠶᠣᠰᠣᠭᠠᠷ ᠬᠡᠷᠡᠭᠵᠢᠭᠦᠯᠦᠨ᠎ᠡ᠃  ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠪᠣᠯᠬᠤ ᠭᠡᠵᠦ ᠪᠠᠶᠢᠭ᠎ᠠ ᠦᠶ᠎ᠡ ᠳᠤ ᠬᠢᠵᠢᠭ ᠤᠨ ᠪᠠᠶᠢᠳᠠᠯ ᠤᠨ ᠳᠡᠯᠭᠡᠷᠡᠬᠦ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠬᠢᠵᠠᠭᠠᠷᠯᠠᠬᠤ ᠶᠢᠨ ᠲᠤᠰᠠᠳᠠ᠂ ᠥᠷᠭᠡᠨ ᠣᠯᠠᠨ ᠬᠤᠲᠠ ᠶᠢᠨ ᠠᠷᠠᠳ ᠲᠤᠬᠠᠶ ᠶᠢᠨ ᠭᠠᠵᠠᠷ ᠲᠠᠭᠠᠨ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠰᠠᠨᠠᠭᠠᠴᠢᠯᠠᠵᠤ ᠪᠠᠶᠢᠨ᠎ᠠ᠂ ᠣᠷᠣᠨ ᠪᠦᠰᠡ ᠠᠯᠤᠰᠯᠠᠭᠰᠠᠨ ᠰᠢᠯᠵᠢᠯᠲᠡ ᠶᠢ ᠪᠠᠭᠠᠰᠬᠠᠬᠤ ᠬᠡᠷᠡᠭᠲᠡᠢ᠃      ᠬᠤᠲᠠ ᠶᠢᠨ ᠵᠢᠯᠣᠭᠤᠳᠬᠤ ᠭᠠᠵᠠᠷ ᠤᠨ ᠤᠲᠠᠰᠤ᠄ 8781382/8301652      ᠬᠤᠩᠱᠠᠨ ᠲᠣᠭᠤᠷᠢᠭ ᠤᠨ ᠵᠢᠯᠣᠭᠤᠳᠬᠤ ᠭᠠᠵᠠᠷ ᠤᠨ ᠤᠲᠠᠰᠤ᠄ 8353355      ᠰᠦᠩᠱᠠᠨ ᠲᠣᠭᠤᠷᠢᠭ ᠤᠨ ᠵᠢᠯᠣᠭᠤᠳᠬᠤ ᠭᠠᠵᠠᠷ ᠤᠨ ᠤᠲᠠᠰᠤ᠄ 8466846      ᠬᠠᠷᠠᠴᠢᠨ ᠬᠤᠰᠢᠭᠤᠨ ᠤ ᠵᠢᠯᠣᠭᠤᠳᠬᠤ ᠭᠠᠵᠠᠷ ᠤᠨ ᠤᠲᠠᠰᠤ᠄ 3752864                        2022 ᠣᠨ ᠤ 9 ᠰᠠᠷ᠎ᠠ ᠶᠢᠨ 6 ᠤ ᠡᠳᠦᠷ
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号