ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠳᠤᠮᠳᠠ ᠦᠨᠳᠦᠷ ᠠᠶᠤᠯ ᠲᠦᠭᠰᠢᠭᠦᠷᠢ ᠶᠢᠨ ᠣᠷᠣᠨ ᠢ ᠵᠠᠭᠠᠭᠯᠠᠨ ᠲᠣᠭᠲᠠᠭᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2022/9/7
      2022 ᠣᠨ ᠤ 9 ᠰᠠᠷ᠎ᠠ ᠶᠢᠨ 6 ᠤ ᠡᠳᠦᠷ ᠤᠨ 0 — 18 ᠴᠠᠭ ᠲᠤ᠂ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠥᠩᠭᠡᠨ ᠬᠡᠯᠪᠡᠷᠢ ᠶᠢᠨ 10 ᠡᠪᠡᠳᠴᠢᠨ ᠤ ᠵᠢᠱᠢᠶ᠎ᠡ ᠪᠠᠷ ᠣᠨᠣᠰᠢᠯᠠᠭᠰᠠᠨ ᠨᠢ ᠴᠥᠮ ᠲᠥᠪ ᠬᠤᠲᠠ ᠶᠢᠨ ᠲᠣᠭᠤᠷᠢᠭ ᠲᠤ ᠪᠠᠶᠢᠬᠤ ᠥᠬᠡᠶ᠃ ᠣᠳᠣᠬᠠᠨ ᠳᠤ᠂ ᠳᠡᠭᠡᠷ᠎ᠡ ᠳᠤᠷᠠᠳᠤᠭᠰᠠᠨ ᠬᠥᠮᠦᠰ ᠢ ᠴᠥᠮ ᠬᠤᠲᠠ ᠶᠢᠨ ᠲᠤᠭᠲᠠᠭᠰᠠᠨ ᠡᠮᠨᠡᠯᠭᠡ ᠶᠢᠨ ᠬᠤᠷᠢᠶᠠᠨ ᠳᠤ ᠰᠢᠯᠵᠢᠭᠦᠯᠵᠦ ᠲᠤᠰᠠᠭᠠᠷᠯᠠᠨ ᠡᠮᠨᠡᠭᠦᠯᠵᠦ ᠪᠠᠶᠢᠨ᠎ᠠ᠃      ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠷᠢᠯᠢᠭ ᠣᠨᠣᠴᠠᠲᠠᠶ ᠪᠠᠷ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢᠨ ᠲᠠᠷᠬᠠᠯᠲᠠ ᠶᠢ ᠴᠢᠩᠭ᠎ᠠ ᠬᠢᠵᠠᠭᠠᠷᠯᠠᠬᠤ ᠶᠢᠨ ᠲᠥᠯᠥᠭᠡ᠂ ᠤᠯᠤᠰ ᠤᠨ ᠬᠤᠯᠪᠣᠭᠳᠠᠯ ᠪᠥᠬᠦᠶ ᠰᠡᠷᠭᠡᠶᠢᠯᠡᠨ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ ᠦᠨᠳᠦᠰᠦᠯᠡᠨ ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠢᠶᠠᠷ ᠳᠠᠬᠢᠨ ᠳᠠᠪᠲᠠᠨ ᠰᠤᠳᠤᠯᠤᠨ ᠮᠠᠭᠠᠳᠯᠠᠭᠤᠯᠤᠭᠠᠳ᠂ ᠰᠦᠩᠱᠠᠨ ᠲᠣᠭᠤᠷᠢᠭ  ᠤᠨ ᠳᠤᠤᠷᠠᠬᠢ ᠣᠷᠣᠨ ᠪᠦᠰᠡ ᠶᠢ ᠦᠨᠳᠦᠷ ᠠᠶᠤᠯ ᠲᠦᠭᠰᠢᠭᠦᠷᠢ ᠶᠢᠨ ᠣᠷᠣᠨ ᠪᠣᠯᠭᠠᠨ ᠵᠠᠭᠠᠭᠯᠠᠨ ᠲᠣᠭᠲᠠᠭᠠᠬᠤ ᠪᠠᠷ ᠲᠣᠭᠲᠠᠪᠠ᠄ 1. ᠬᠠᠷᠠᠲᠤᠬᠤᠢ ᠰᠤᠷᠭᠠᠭᠤᠯᠢ ᠶᠢᠨ ᠲᠣᠭᠤᠷᠢᠭ ᠤᠨ ᠳᠤᠮᠳᠠᠳᠤ ᠰᠤᠷᠭᠠᠭᠤᠯᠢ︔ 2. ᠠᠩᠴᠢᠨ ᠪᠠᠯᠭᠠᠰᠤᠨ ᠤ ᠰᠢ ᠢᠦᠶ ᠵᠣᠴᠢᠳ ᠤᠨ ᠪᠠᠭᠤᠳᠠᠯ᠃ ᠳᠣᠤᠷᠠᠬᠢ ᠣᠷᠣᠨ ᠪᠦᠰᠡ ᠶᠢ ᠳᠤᠮᠳᠠ ᠠᠶᠤᠯ ᠲᠦᠭᠰᠢᠭᠦᠷᠢ ᠶᠢᠨ ᠣᠷᠣᠨ ᠪᠣᠯᠭᠠᠨ ᠵᠠᠭᠠᠭᠯᠠᠨ ᠲᠣᠭᠲᠠᠭᠠᠨ᠎ᠠ᠄ 1. ᠬᠠᠷᠠᠲᠤᠬᠤᠢ ᠪᠠᠯᠭᠠᠰᠤᠨ ᠤ ᠲᠠᠶᠢᠫᠢᠩ ᠭᠸᠤ ᠲᠣᠰᠬᠤᠨ ᠤ ᠰᠢᠷ᠎ᠠ ᠤᠰᠤ ᠠᠶᠢᠯ︔ 2. ᠬᠠᠷᠠᠲᠤᠬᠤᠢ ᠪᠠᠯᠭᠠᠰᠤᠨ ᠤ ᠴᠤᠸᠠᠨ ᠪᠦᠦ ᠳ᠋ᠢ ᠲᠣᠰᠬᠤᠨ ᠤ ᠴᠤᠸᠠᠨ ᠪᠦᠦ ᠳ᠋ᠢ ᠠᠶᠢᠯ︔ 3. ᠬᠠᠷᠠᠲᠤᠬᠤᠢ ᠪᠠᠯᠭᠠᠰᠤᠨ ᠤ ᠾᠧᠩ ᠫᠠᠢ ᠽᠢ ᠲᠣᠰᠬᠤᠨ ᠤ ᠰᠧ ᠫᠠᠢ ᠽᠢ ᠠᠶᠢᠯ︔ 4. ᠬᠠᠷᠠᠲᠤᠬᠤᠢ ᠪᠠᠯᠭᠠᠰᠤᠨ ᠤ ᠾᠧᠩ ᠫᠠᠢ ᠽᠢ ᠲᠣᠰᠬᠤᠨ ᠤ ᠡᠮᠦᠨ᠎ᠡ ᠲᠠᠶᠢᠽᠢ ᠠᠶᠢᠯ︔ 5.ᠬᠠᠷᠠᠲᠤᠬᠤᠢ ᠪᠠᠯᠭᠠᠰᠤᠨ ᠤ ᠪᠤᠯᠤᠬᠤᠰᠢᠭᠤ ᠲᠣᠰᠬᠤᠨ ᠤ ᠱᠠᠨ ᠲᠸᠤ ᠠᠶᠢᠯ︔ 6. ᠲᠠᠢ ᠫᠢᠩ ᠳ᠋ᠢ ᠪᠠᠯᠭᠠᠰᠤᠨ ᠤ ᠯᠢᠦ ᠹᠧᠨ ᠳ᠋ᠢ ᠲᠣᠰᠬᠤᠨ᠃      ᠦᠨᠳᠦᠷ ᠠᠶᠤᠯ ᠲᠦᠭᠰᠢᠭᠦᠷᠢ ᠶᠢᠨ ᠣᠷᠣᠨ ᠳᠤ ︽ᠬᠡᠷ ᠠᠴᠠ ᠪᠠᠨ ᠭᠠᠷᠬᠤ ᠥᠬᠡᠶ᠂ ᠦᠢᠯᠡᠴᠢᠯᠡᠭᠡ ᠶᠢ ᠬᠡᠷ ᠲᠤᠨᠢ ᠬᠦᠷᠭᠡᠬᠦ︾ ᠪᠢᠲᠡᠭᠦᠮᠵᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︔ ᠳᠤᠮᠳᠠ ᠲᠦᠭᠰᠢᠭᠦᠷᠢ ᠶᠢᠨ ᠣᠷᠣᠨ ᠳᠤ ︽ᠬᠥᠮᠦᠨ ᠨᠢ ᠣᠷᠣᠨ ᠠᠴᠠ ᠪᠠᠨ ᠭᠠᠷᠬᠤ ᠥᠬᠡᠶ᠂ ᠣᠷᠭᠢᠯ ᠦᠶ᠎ᠡ  ᠶᠢ ᠰᠤᠯᠪᠢᠴᠠᠵᠤ ᠪᠣᠳᠠᠰ ᠠᠪᠬᠤ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︔ ᠠᠶᠤᠯ ᠲᠦᠭᠰᠢᠭᠦᠷᠢ ᠪᠠᠭᠠᠲᠠᠶ ᠣᠷᠣᠨ ᠳᠤ ︽ᠬᠤᠪᠢ ᠬᠥᠮᠦᠨ ᠰᠡᠷᠭᠡᠶᠢᠯᠡᠨ ᠬᠠᠮᠠᠭᠠᠯᠠᠵᠤ᠂ ᠴᠤᠭᠯᠠᠷᠠᠬᠤ ᠠᠴᠠ ᠵᠠᠶᠢᠯᠠᠰᠬᠢᠬᠦ︾ ᠵᠡᠷᠭᠡ ᠰᠡᠷᠭᠡᠶᠢᠯᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠣᠷᠣᠨ ᠪᠦᠰᠡ ᠶᠢᠨ ᠳᠣᠲᠣᠷᠠᠬᠢ ᠬᠥᠮᠦᠰ ᠴᠢᠬᠤᠯᠠ ᠦᠭᠡᠢ ᠪᠤᠯ ᠰᠦᠩᠱᠠᠨ ᠠᠴᠠ ᠰᠠᠯᠬᠤ ᠦᠭᠡᠢ ᠪᠠᠶᠢᠬᠤ ᠬᠡᠷᠡᠭᠲᠡᠶ᠃ ᠳᠤᠮᠳᠠ ᠦᠨᠳᠦᠷ ᠲᠦᠭᠰᠢᠭᠦᠷᠢ ᠶᠢᠨ ᠣᠷᠣᠨ ᠤ ᠳᠣᠲᠣᠷᠠᠬᠢ ᠰᠠᠭᠤᠭᠠᠯᠢ ᠠᠷᠠᠳ ᠬᠡᠷᠪᠡ ᠣᠨᠴᠣᠭᠤᠶ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠲᠠᠢ ᠪᠣᠯ ᠪᠠᠶᠢᠭ᠎ᠠ ᠨᠡᠶᠢᠭᠡᠮ ᠲᠣᠭᠤᠷᠢᠭ ︵ᠲᠣᠰᠬᠤᠨ︶ ᠠᠴᠠ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ ᠲᠠᠢ ᠤᠷᠢᠳᠴᠢᠯᠠᠨ ᠬᠠᠷᠢᠯᠴᠠᠬᠤ ᠶᠢ ᠬᠠᠷᠢᠭᠤᠴᠠᠵᠤ᠂ ᠲᠤᠰᠬᠠᠶ ᠬᠡᠷᠡᠭᠯᠡᠭᠡᠨ ᠤ ᠳᠠᠮᠵᠢᠭᠤᠯᠤᠨ ᠲᠡᠭᠡᠭᠡᠪᠦᠷᠢᠯᠡᠬᠦ ᠲᠡᠷᠭᠡ ᠶᠢᠨ ᠪᠢᠲᠡᠭᠦᠦ ᠴᠠᠭᠠᠷᠢᠭ ᠤᠨ ︽ᠴᠢᠭ ᠠᠴᠠ ᠴᠢᠭ ᠲᠤ︾ ᠲᠤᠰᠴᠤ ᠬᠦᠷᠭᠡᠬᠦ ᠶᠢ ᠳᠣᠭᠢᠷᠠᠭᠤᠯᠤᠨ᠎ᠠ᠃ ᠡᠯ᠎ᠡ ᠬᠤᠯᠪᠣᠭᠳᠠᠯ ᠪᠦᠬᠦᠢ ᠡᠮᠴᠢᠯᠡᠭᠡᠨ ᠤ ᠪᠠᠶᠢᠭᠤᠯᠤᠮᠵᠢ ᠡᠮᠴᠢᠯᠡᠭᠡ ᠶᠢ ᠲᠡᠪᠴᠢᠵᠦ ᠪᠣᠯᠬᠤ ᠦᠭᠡᠢ᠂ ᠰᠠᠨᠠᠭᠠᠴᠢᠯᠠᠭ᠎ᠠ ᠠᠴᠠ ᠪᠠᠨ ᠡᠪᠡᠳᠴᠢᠲᠡᠨ ᠳᠤ ᠡᠮᠴᠢᠯᠡᠭᠡᠨ ᠤ ᠦᠢᠯᠡᠴᠢᠯᠡᠭᠡ ᠶᠢ ᠰᠠᠶᠢᠲᠤᠷ ᠬᠢᠬᠦ ᠬᠡᠷᠡᠭᠲᠡᠢ᠃      ᠥᠷᠭᠡᠨ ᠤᠯᠠᠨ ᠰᠠᠭᠤᠭᠠᠯᠢ ᠠᠷᠠᠳ ᠠᠯᠪᠠᠨ ᠤ ᠲᠠᠯ᠎ᠠ ᠶᠢᠨ ᠨᠡᠶᠢᠲᠡᠯᠡᠭᠰᠡᠨ ᠡᠷᠬᠡ ᠰᠦᠷᠲᠦ ᠮᠡᠳᠡᠭᠡ ᠵᠠᠩᠭᠢ ᠶᠢ ᠨᠢᠭᠲᠠ ᠠᠩᠬᠠᠷᠴᠤ᠂ ᠴᠤᠤᠷᠬᠠᠯ ᠲᠠᠯᠪᠢᠬᠤ ᠦᠭᠡᠢ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ ᠲᠠᠷᠬᠠᠭᠠᠬᠤ ᠦᠭᠡᠢ ᠪᠠᠶᠢᠵᠤ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ ᠂ ᠴᠤᠭᠯᠠᠷᠠᠬᠤ ᠦᠭᠡᠢ ᠪᠠᠶᠢᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠬᠤ ᠶᠢ ᠬᠦᠰᠡᠵᠦ ᠪᠠᠶᠢᠨ᠎ᠠ᠃      ᠡᠭᠦᠨ ᠤ ᠲᠤᠯᠠ ᠣᠨᠴᠠᠭᠠᠶᠢᠯᠠᠨ ᠵᠠᠷᠯᠠᠪᠠ                          2022 ᠣᠨ ᠤ 9 ᠰᠠᠷ᠎ᠠ ᠶᠢᠨ 6 ᠤ ᠡᠳᠦᠷ
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号