2022 ᠣᠨ ᠤ 1 ᠰᠠᠷ᠎ᠠ ᠶᠢᠨ 20 ᠤ ᠡᠳᠦᠷ ᠤᠨ ᠦᠳᠡ ᠶᠢᠨ ᠬᠤᠶᠢᠨ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠵᠢᠭᠤᠯᠴᠢᠯᠠᠯ ᠤᠨ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ︾ ︵︽ᠲᠥᠯᠥᠪᠵᠢᠭᠦᠯᠭᠡ︾ ᠭᠡᠵᠦ ᠲᠣᠪᠴᠢᠯᠠᠨ᠎ᠠ︶ ᠶᠢ ᠵᠢᠩᠬᠢᠨᠢ ᠪᠠᠷ | ᠳᠠᠷᠤᠮᠠᠯᠯᠠᠨ ᠲᠠᠷᠬᠠᠭᠠᠪᠠ᠃ | ︽ᠲᠥᠯᠥᠪᠵᠢᠭᠦᠯᠭᠡ︾ ᠳᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭᠠᠨ ᠳᠠᠬᠢ ᠰᠣᠶᠣᠯ ᠪᠠ ᠵᠢᠭᠤᠯᠴᠢᠯᠠᠯ ᠤᠨ ᠬᠥᠭᠵᠢᠯᠲᠡ ᠶᠢᠨ ᠶᠡᠷᠦᠩᠬᠡᠶ ᠱᠠᠭᠠᠷᠳᠠᠯᠭ᠎ᠠ᠂ ᠬᠥᠭᠵᠢᠯᠲᠡ ᠶᠢᠨ | ᠬᠠᠷᠠᠯᠲᠠ᠂ ᠭᠤᠣᠯ ᠡᠭᠦᠷᠭᠡ᠂ ᠴᠢᠬᠤᠯᠠ ᠠᠷᠭ᠎ᠠ ᠬᠡᠮᠵᠢᠶ᠎ᠡ ᠵᠡᠷᠭᠡ ᠶᠢ ᠰᠢᠰᠲ᠋ᠧᠮ ᠲᠠᠢ ᠪᠠᠷ ᠲᠣᠳᠣᠷᠬᠠᠶᠢᠯᠠᠨ | ᠥᠭᠦᠯᠡᠪᠡ᠃ ︽ᠲᠥᠯᠥᠪᠵᠢᠭᠦᠯᠭᠡ︾ ᠳᠤ ᠳᠤᠷᠠᠳᠤᠭᠰᠠᠨ ᠨᠢ᠂ ᠵᠥᠪ ᠴᠢᠭᠯᠡᠯ ᠢ ᠪᠠᠷᠢᠮᠲᠠᠯᠠᠵᠤ᠂ ᠠᠷᠠᠳ | ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ | ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠠᠭᠤᠰᠤᠯᠴᠠᠨ ᠬᠥᠭᠵᠢᠬᠦ ᠶᠢ ᠪᠠᠷᠢᠮᠲᠠᠯᠠᠵᠤ᠂ | ᠨᠡᠶᠢᠭᠡᠮ ᠤᠨ ᠪᠣᠯᠪᠠᠰᠤᠨ ᠢ ᠠᠬᠢᠭᠤᠯᠬᠤ ᠪᠠ ᠳᠡᠭᠡᠭᠰᠢᠯᠡᠭᠦᠯᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠰᠢᠨ᠎ᠡ ᠴᠠᠭ | ᠦᠶ᠎ᠡ ᠶᠢᠨ ᠤᠷᠠᠯᠢᠭ ᠤᠨ ᠵᠣᠬᠢᠶᠠᠨ ᠪᠦᠲᠦᠭᠡᠯᠭᠡ ᠶᠢᠨ ᠰᠢᠰᠲ᠋ᠧᠮ᠂ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ | ᠠᠰᠢᠭᠯᠠᠬᠤ ᠰᠢᠰᠲ᠋ᠧᠮ᠂ ᠤᠳᠤ ᠦᠶ᠎ᠡ ᠶᠢᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ᠂ | ᠤᠳᠤ ᠦᠶ᠎ᠡ ᠶᠢᠨ ᠰᠣᠶᠣᠯ ᠤᠨ ᠠᠵᠤ ᠦᠢᠯᠡᠰ ᠤᠨ ᠰᠢᠰᠲ᠋ᠧᠮ᠂ ᠤᠳᠤ ᠦᠶ᠎ᠡ ᠶᠢᠨ ᠵᠤᠭᠠᠴᠠᠯ ᠤᠨ ᠦᠢᠯᠡᠰ ᠤᠨ | ᠰᠢᠰᠲ᠋ᠧᠮ᠂ ᠤᠳᠤ ᠦᠶ᠎ᠡ ᠶᠢᠨ ᠰᠣᠶᠣᠯ ᠪᠠ ᠵᠤᠭᠠᠴᠠᠯ ᠤᠨ ᠵᠠᠬ᠎ᠠ ᠳᠡᠯᠭᠡᠭᠦᠷ ᠤᠨ ᠰᠢᠰᠲ᠋ᠧᠮ᠂ ᠭᠠᠳᠠᠭᠠᠳᠤ ᠪᠠ | ᠰᠢᠶᠠᠩᠭᠠᠩ ᠣᠣᠮᠧᠨ ᠲᠠᠶᠢᠸᠠᠨ ᠯᠤᠭ᠎ᠠ ᠶᠢᠨ ᠰᠣᠶᠣᠯ ᠤᠨ ᠰᠣᠯᠢᠯᠴᠠᠭ᠎ᠠ ᠪᠠ ᠵᠤᠭᠠᠴᠠᠯ ᠢ ᠳᠡᠯᠭᠡᠷᠡᠭᠦᠯᠬᠦ ᠰᠢᠰᠲ᠋ᠧᠮ ᠢ | ᠲᠦᠷᠭᠡᠳᠬᠡᠨ ᠪᠠᠶᠢᠭᠤᠯᠤᠨ᠎ᠠ᠃ ᠰᠣᠶᠣᠯ ᠪᠠ ᠵᠢᠭᠤᠯᠴᠢᠯᠠᠯ ᠤᠨ ᠬᠥᠭᠵᠢᠯᠲᠡ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠤᠯᠭᠠᠭᠤᠷᠢᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠰᠣᠶᠣᠯ ᠪᠠ ᠵᠢᠭᠤᠯᠴᠢᠯᠠᠯ ᠤᠨ | ᠬᠥᠭᠵᠢᠯᠲᠡ ᠶᠢᠨ ᠪᠠᠶᠢᠷᠢᠰᠢᠯ ᠢ ᠰᠢᠯᠢᠳᠡᠭᠵᠢᠭᠦᠯᠦᠨ᠎ᠡ᠃ 2025 ᠣᠨ ᠪᠣᠯᠬᠤ ᠳᠤ᠂ ᠮᠠᠨ ᠤ ᠤᠯᠤᠰ ᠤᠨ ᠨᠡᠶᠢᠭᠡᠮ | ᠵᠢᠷᠤᠮ ᠤᠨ ᠰᠣᠶᠣᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠴᠢᠬᠤᠯᠠ ᠶᠡᠭᠡ ᠠᠬᠢᠴᠠ ᠲᠠᠢ ᠪᠣᠯᠵᠤ | ᠂ ᠰᠣᠶᠣᠯ ᠤᠨ ᠦᠢᠯᠡᠰ᠂ ᠰᠣᠶᠣᠯ ᠤᠨ ᠠᠵᠤ ᠦᠢᠯᠡᠰ ᠪᠠ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢ ᠨᠡᠩ ᠲᠡᠭᠦᠯᠳᠡᠷᠵᠢᠭᠦᠯᠵᠦ᠂ ᠠᠷᠠᠳ ᠲᠦᠮᠡᠨ ᠤ ᠤᠶᠤᠨ ᠤ | ᠰᠣᠶᠣᠯ ᠤᠨ ᠠᠮᠢᠳᠤᠷᠠᠯ ᠢ ᠡᠳᠦᠷ ᠢᠷᠡᠬᠦᠶ᠎ᠡ ᠪᠠᠶᠠᠯᠢᠭᠵᠢᠭᠤᠯᠵᠤ᠂ ᠳᠤᠮᠳᠠᠳᠤ ᠶᠢᠨ ᠰᠣᠶᠣᠯ ᠤᠨ ᠨᠥᠯᠥᠭᠡᠯᠡᠬᠦ | ᠬᠦᠴᠦᠨ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ ᠢ | ᠤᠯᠠᠮ ᠴᠢᠨᠠᠭᠰᠢᠳᠠ ᠴᠢᠩᠭᠠᠳᠬᠠᠵᠤ᠂ ᠰᠣᠶᠣᠯ ᠤᠨ ᠦᠢᠯᠡᠰ᠂ ᠰᠣᠶᠣᠯ ᠤᠨ ᠠᠵᠤ ᠦᠢᠯᠡᠰ ᠪᠠ ᠵᠤᠭᠠᠴᠠᠯ ᠤᠨ | ᠦᠢᠯᠡᠰ ᠢ ᠠᠵᠤ ᠠᠬᠤᠢ ᠨᠡᠶᠢᠭᠡᠮ ᠤᠨ ᠬᠥᠭᠵᠢᠯᠲᠡ ᠪᠠ ᠤᠯᠤᠰ ᠤᠨ ᠶᠡᠷᠦᠩᠬᠡᠢ ᠬᠦᠴᠦᠨ ᠤ ᠥᠷᠢᠰᠥᠯᠳᠦᠭᠡᠨ ᠤ | ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠴᠢᠬᠤᠯᠠ ᠲᠤᠯᠭᠠᠭᠤᠷᠢᠯᠠᠯ ᠪᠣᠯᠭᠠᠨ᠎ᠠ᠃ ︽ᠲᠥᠯᠥᠪᠵᠢᠭᠦᠯᠭᠡ︾ ᠨᠢ | ᠬᠦᠳᠦᠯᠦᠨ ᠳᠠᠭᠠᠭᠤᠯᠬᠤ ᠴᠢᠨᠠᠷ ᠪᠣᠯᠤᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠬᠠᠷᠢᠯᠴᠠᠨ ᠤᠶᠠᠯᠳᠤᠭᠤᠯᠬᠤ ᠶᠢ | ᠪᠠᠷᠢᠮᠲᠠᠯᠠᠵᠤ᠂ ᠳᠤᠲᠠᠭᠤᠳᠠᠯ ᠢ ᠨᠥᠬᠦᠪᠥᠷᠢᠯᠡᠬᠦ᠂ ᠴᠢᠩᠭ᠎ᠠ ᠪᠠᠭᠤᠷᠠᠢ ᠵᠦᠢᠯ ᠢ ᠨᠥᠬᠦᠪᠥᠷᠢᠯᠡᠬᠦ᠂ ᠨᠥᠭᠡᠴᠡ | ᠬᠦᠴᠦᠨ ᠢ ᠨᠡᠮᠡᠭᠳᠡᠭᠦᠯᠬᠦ ᠶᠢ ᠪᠣᠳᠣᠯᠬᠢᠯᠠᠵᠤ᠂ 62 ᠭᠤᠣᠯᠳᠠᠯᠭ᠎ᠠ ᠲᠠᠢ ᠢᠨᠵᠧᠨᠧᠷᠢᠩ ᠤᠨ ᠲᠦᠷᠦᠯ ᠵᠦᠢᠯ ᠢ ︽ | ᠲᠥᠯᠥᠪᠵᠢᠭᠦᠯᠭᠡ︾ ᠶᠢ ᠬᠡᠷᠡᠭᠵᠢᠭᠦᠯᠬᠦ ᠶᠢᠨ ᠴᠢᠬᠤᠯᠠ ᠲᠤᠯᠭᠠᠭᠤᠷᠢᠯᠠᠯ ᠪᠣᠯᠭᠠᠬᠤ ᠪᠠᠷ ᠲᠥᠯᠥᠪᠯᠡᠵᠡᠢ᠃ | ︽ᠲᠥᠯᠥᠪᠵᠢᠭᠦᠯᠭᠡ︾ ᠳᠤ ᠵᠢᠭᠠᠵᠤ ᠭᠠᠷᠭᠠᠭᠰᠠᠨ ᠨᠢ᠂ ᠵᠤᠭᠠᠴᠠᠯ ᠤᠨ ᠦᠢᠯᠡᠰ ᠤᠯᠤᠰ ᠠᠷᠠᠳ ᠤᠨ ᠠᠵᠤ | ᠠᠬᠤᠢ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠤᠯᠭᠠᠭᠤᠷᠢ ᠠᠵᠤ ᠦᠢᠯᠡᠰ ᠪᠣᠯᠤᠭᠰᠠᠨ ᠤ ᠬᠤᠪᠢ ᠳᠤ | ᠪᠠᠶᠢᠷᠢ ᠰᠠᠭᠤᠷᠢ ᠨᠡᠩ ᠪᠠᠬᠢᠵᠢᠵᠦ᠂ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠬᠦ ᠶᠢ ᠠᠬᠢᠭᠤᠯᠬᠤ ᠴᠢᠬᠤᠯᠠ | ᠬᠥᠳᠡᠯᠭᠡᠬᠦ ᠬᠦᠴᠦᠨ ᠪᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ | ᠢᠯᠠᠯᠲᠠ ᠶᠢ ᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠰᠢᠨ᠎ᠡ | ᠬᠦᠴᠦᠨ ᠪᠤᠯᠤᠨ᠎ᠠ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ | ᠤᠯᠤᠰ ᠠᠷᠠᠳ ᠤᠯᠠᠨ ᠤ ᠵᠢᠭᠤᠯᠴᠢᠯᠠᠯ ᠤᠨ ᠴᠠᠭ ᠦᠶ᠎ᠡ ᠳᠤ ᠪᠦᠬᠦ ᠲᠠᠯ᠎ᠠ ᠪᠠᠷ ᠣᠷᠣᠬᠤ ᠪᠣᠯᠤᠨ᠎ᠠ᠂ | ᠵᠢᠭᠤᠯᠴᠢᠯᠠᠯ ᠤᠨ ᠦᠢᠯᠡᠰ ᠤᠨ ᠬᠥᠭᠵᠢᠯᠲᠡ ᠮᠥᠨ ᠬᠦ ᠪᠠᠶᠢᠯᠳᠤᠬᠤ ᠪᠤᠳᠤᠯᠭ᠎ᠠ ᠶᠢᠨ ᠴᠢᠬᠤᠯᠠ ᠠᠵᠠ ᠲᠣᠬᠢᠶᠠᠯᠳᠤ | ᠬᠤᠭᠤᠴᠠᠭᠠᠨ ᠳᠤ ᠣᠷᠣᠰᠢᠵᠤ ᠪᠠᠶᠢᠨ᠎ᠠ᠂ ᠭᠡᠪᠡᠴᠦ ᠠᠵᠠ ᠲᠣᠬᠢᠶᠠᠯ ᠪᠠ ᠥᠷᠢᠰᠥᠯᠳᠦᠭᠡᠨ ᠨᠢ ᠴᠥᠮ ᠰᠢᠨ᠎ᠡ | ᠬᠥᠭᠵᠢᠯᠲᠡ ᠬᠤᠪᠢᠷᠠᠯᠲᠠ ᠲᠠᠢ ᠶᠤᠮ᠃ |