ᠰᠦᠩᠱᠠᠨ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ︽ᠰᠣᠶᠣᠯ ᠵᠢᠭᠤᠯᠴᠢᠯᠠᠯ ᠤᠨ ᠶᠠᠮᠤᠨ ᠤ ᠠᠯᠪᠠᠨ ᠲᠢᠩᠬᠢᠮ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠲᠣᠭᠲᠠᠪᠤᠷᠢᠵᠢᠭᠤᠯᠵᠤ ︿ᠬᠤᠶᠢᠰᠢᠯᠠᠭᠤᠯᠤᠨ ᠭᠦᠢᠴᠡᠳᠬᠡᠬᠦ﹀ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2022/9/8
      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠲᠤᠬᠠᠶ ᠪᠦᠬᠦ᠋ᠢᠯᠡ ᠴᠣᠭᠴᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ  ᠨᠠᠶᠢᠳᠠᠪᠤᠷᠢᠵᠢᠭᠤᠯᠵᠤ᠂ ᠪᠦᠬᠦ ᠤᠯᠤᠰ ᠤᠨ ᠠᠵᠤ ᠠᠬᠤᠶ ᠶᠢᠨ ᠶᠡᠭᠡ ᠬᠡᠪᠴᠢᠶ᠎ᠡ ᠶᠢ ᠲᠣᠭᠲᠠᠭᠤᠨ ᠪᠠᠶᠢᠯᠭᠠᠬᠤ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠬᠦᠴᠦᠯᠡᠨ ᠲᠣᠭᠲᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ᠂ ᠠᠵᠤ ᠠᠬᠤᠶ ᠶᠢᠨ ᠰᠡᠷᠭᠦᠯᠲᠡ ᠬᠥᠭᠵᠢᠯᠲᠡ ᠶᠢ ᠠᠬᠢᠭᠤᠯᠬᠤ ᠳᠤ ᠦᠵᠡᠭᠦᠯᠬᠦ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠦᠯᠦᠭᠡ᠂ ᠣᠶᠢᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ᠤ ᠠᠯᠪᠠᠨ ᠲᠢᠩᠬᠢᠮ ︽ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠲᠣᠭᠲᠠᠪᠤᠷᠢᠵᠢᠭᠤᠯᠵᠤ ︿ᠬᠤᠶᠢᠰᠢᠯᠠᠭᠤᠯᠤᠨ ᠭᠦᠢᠴᠡᠳᠬᠡᠬᠦ﹀ ᠠᠵᠢᠯ ᠥᠷᠨᠢᠭᠦᠯᠬᠦ ᠲᠤᠬᠠᠶ ᠰᠣᠶᠣᠯ ᠪᠠ ᠵᠢᠭᠤᠯᠴᠢᠯᠠᠯ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠠᠯᠪᠠᠨ ᠵᠠᠬ᠎ᠠ ᠳᠡᠯᠭᠡᠭᠦᠷ ᠲᠠᠷᠬᠠᠭᠠᠭᠰᠠᠨ︹2022︺104  ᠳ᠋ᠦ᠋ᠭᠡᠷ ᠲᠣᠭᠠᠲᠤ︶ ᠢ ᠳᠠᠷᠤᠮᠠᠯᠯᠠᠨ ᠲᠠᠷᠬᠠᠭᠠᠪᠠ᠃      ︽ᠮᠡᠳᠡᠭᠳᠡᠯ︾ ᠳᠤ ᠱᠠᠭᠠᠷᠳᠠᠭᠰᠠᠨ ᠨᠢ᠂ 2022 ᠣᠨ ᠤ ᠬᠤᠭᠤᠴᠠᠭ᠎ᠠ ᠨᠢ ᠲᠤᠯᠤᠭᠰᠠᠨ ᠰᠣᠶᠣᠯ ᠤᠨ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠤᠯᠪᠣᠭᠳᠠᠯ ᠪᠥᠬᠦᠶ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠤᠨ ᠬᠤᠭᠤᠴᠠᠭ᠎ᠠ ᠨᠢ ᠲᠤᠯᠤᠭᠰᠠᠨ ᠦᠨᠡᠮᠯᠡᠯ ᠰᠣᠯᠢᠬᠤ ᠭᠦᠢᠴᠡᠳᠬᠡᠬᠦ ᠬᠤᠭᠤᠴᠠᠭ᠎ᠠ ᠶᠢ ᠤᠷᠲᠤᠳᠬᠠᠨ᠎ᠠ᠃ ᠵᠥᠪᠰᠢᠶᠡᠷᠡᠯ ᠤᠨ ᠦᠨᠡᠮᠯᠡᠯ ᠤᠨ ᠬᠤᠭᠤᠴᠠᠭ᠎ᠠ ᠲᠤᠯᠵᠤ ᠦᠨᠡᠮᠯᠡᠯ ᠰᠣᠯᠢᠬᠤ ᠬᠤᠭᠤᠴᠠᠭ᠎ᠠ ᠶᠢ ᠤᠤᠯ ᠤᠨ ᠬᠤᠭᠤᠴᠠᠭ᠎ᠠ ᠲᠤᠯᠤᠭᠰᠠᠨ ᠡᠳᠦᠷ ᠢᠶᠠᠷ 6 ᠰᠠᠷ᠎ᠠ ᠤᠷᠲᠤᠳᠬᠠᠵᠤ ᠪᠤᠳᠤᠨ᠎ᠠ᠃ ᠡᠭᠦᠨ ᠤ ᠬᠠᠮᠲᠤ ᠲᠣᠰ ᠤᠳᠠᠭᠠᠨ ᠤ ᠬᠤᠭᠤᠴᠠᠭ᠎ᠠ ᠨᠢ ᠲᠤᠯᠵᠤ ᠦᠷᠭᠦᠯᠵᠢᠯᠡᠭᠦᠯᠬᠦ ᠲᠤᠬᠠᠶᠢᠯᠠᠭᠰᠠᠨ ᠠᠵᠢᠯ ᠢ ᠬᠤᠶᠢᠰᠢᠯᠠᠭᠤᠯᠤᠨ ᠭᠦᠢᠴᠡᠳᠬᠡᠵᠦ ᠪᠣᠯᠬᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠤᠨ ᠲᠥᠷᠥᠯ ᠵᠦᠢᠯ ᠳᠤ ᠲᠣᠳᠣᠷᠬᠠᠶ ᠲᠣᠭᠲᠠᠭᠠᠯ ᠭᠠᠷᠭᠠᠵᠠᠶ᠃      ︽ᠮᠡᠳᠡᠭᠳᠡᠯ︾ ᠳᠤ ᠱᠠᠭᠠᠷᠳᠠᠭᠰᠠᠨ ᠨᠢ᠂ ᠡᠯ᠎ᠡ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠢᠨᠠᠨ ᠵᠥᠪᠰᠢᠶᠡᠷᠡᠬᠦ ᠦᠢᠯᠡᠴᠢᠯᠡᠭᠡ ᠪᠠᠨ ᠰᠢᠯᠢᠳᠡᠭᠵᠢᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠶᠢ ᠦᠷᠭᠦᠯᠵᠢᠯᠡᠨ ᠠᠬᠢᠭᠤᠯᠵᠤ᠂ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠦᠲᠦᠮᠵᠢᠲᠡᠶ ᠠᠷᠭ᠎ᠠ ᠬᠡᠮᠵᠢᠶ᠎ᠡ ᠠᠪᠬᠤ ᠶᠢᠨ ᠬᠠᠮᠲᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠵᠡᠩᠨᠡᠯᠲᠡ ᠶᠢᠨ ᠠᠵᠢᠯᠯᠠᠭ᠎ᠠ ᠶᠢᠨ ᠵᠢᠷᠤᠮᠵᠢᠯ ᠲᠠᠢ᠂ ᠡᠮᠬᠢ ᠵᠢᠷᠤᠮ ᠲᠠᠢ ᠥᠷᠨᠢᠬᠦ ᠶᠢ ᠦᠨᠡᠨ ᠬᠦ ᠪᠠᠲᠤᠯᠠᠬᠤ ᠬᠡᠷᠡᠭᠲᠡᠶ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号