ᠰᠦᠩᠱᠠᠨ ᠲᠣᠭᠤᠷᠢᠭ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠥᠪᠡᠷᠲᠡᠭᠡᠨ ᠵᠠᠰᠠᠬᠤ ᠣᠷᠣᠨ ᠤ ︽ᠬᠤᠤᠰ ᠰᠢᠯᠢᠳᠡᠭ︾ ᠪᠠ ᠣᠨᠴᠠᠯᠢᠭᠲᠤ ᠲᠤᠰᠬᠠᠶ ᠮᠡᠷᠭᠡᠵᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠡ ᠳᠤ ᠠᠮᠵᠢᠯᠲᠠ ᠲᠠᠢ ᠪᠠᠷ ᠰᠣᠩᠭᠤᠭᠳᠠᠪᠠ
ᠨᠡᠶᠢᠲᠡᠯᠡᠭᠰᠡᠨ ᠴᠠᠭ᠄
2022/9/8
      ᠣᠶᠢᠷ᠎ᠠ ᠳᠤ᠂ ᠣᠯᠠᠨ ᠤ ᠠᠩᠬᠠᠷᠤᠯ ᠢ ᠶᠡᠬᠡᠳᠡ ᠲᠠᠲᠠᠭᠰᠠᠨ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠬᠤᠶᠠᠷ ᠥᠨᠳᠥᠷ ᠬᠤᠶᠠᠷ ᠰᠢᠯᠢᠳᠡᠭ︾ ᠪᠥᠲᠥᠭᠡᠨ ᠪᠠᠶᠢᠭᠤᠯᠤᠯᠲᠠ ᠶᠢᠨ ᠨᠢᠭᠡᠴᠡ ᠶᠢ ᠰᠢᠯᠢᠨ ᠰᠣᠩᠭᠤᠭᠰᠠᠨ ᠦᠷ᠎ᠡ ᠳ᠋ᠦᠩ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠩᠬᠠᠨ ᠤ ᠪᠦᠯᠦᠭ ᠤᠨᠴᠠᠯᠢᠭᠳᠤ ᠲᠤᠰᠬᠠᠶ ᠮᠡᠷᠭᠡᠵᠢᠯ ᠤᠨ ᠰᠡᠳᠦᠪ ᠲᠣᠭᠲᠠᠭᠠᠬᠤ ᠨᠡᠷᠡᠰ ᠢ ᠨᠡᠶᠢᠲᠡᠯᠡᠪᠡ᠃ ︽ᠥᠪᠡᠷᠲᠡᠭᠡᠨ ᠵᠠᠰᠠᠬᠤ ᠣᠷᠣᠨ ᠤ ︿ᠥᠨᠳᠥᠷ ᠬᠢᠷᠢ ᠲᠦᠪᠰᠢᠨ ᠪᠥᠬᠦᠶ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠲᠤᠰᠬᠠᠶ ᠮᠡᠷᠭᠡᠵᠢᠯ ᠤᠨ ᠪᠦᠯᠬᠦᠮ﹀ ︿ᠴᠢᠨᠠᠷ ᠰᠠᠶᠢᠲᠠᠶ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠲᠤᠰᠬᠠᠶ ᠮᠡᠷᠭᠡᠵᠢᠯ﹀ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠯᠡᠭᠡ ᠶᠢᠨ ᠲᠥᠷᠥᠯ ᠵᠦᠢᠯ ᠲᠣᠭᠲᠠᠭᠠᠨ ᠪᠥᠲᠥᠭᠡᠨ ᠪᠠᠶᠢᠭᠤᠯᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠪᠠ ︽ᠲᠦᠷᠦᠭᠦᠤ ᠪᠦᠯᠦᠭ ᠤᠨ ᠪᠥᠬᠦ ᠣᠷᠣᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠨᠴᠠᠯᠢᠭᠳᠤ ᠲᠤᠰᠬᠠᠶ ᠮᠡᠷᠭᠡᠵᠢᠯ ᠤᠨ ᠲᠤᠷᠰᠢᠯᠲᠠ ᠶᠢᠨ  ᠴᠢᠭ ᠤᠨ ᠭᠤᠶᠤᠴᠢᠯᠠᠨ ᠮᠡᠳᠡᠭᠦᠯᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠢ ᠦᠨᠳᠦᠰᠦᠯᠡᠨ᠂ ᠰᠦᠩᠱᠠᠨ ᠲᠣᠭᠤᠷᠢᠭ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢᠨ ᠨᠢᠭᠡᠴᠡ ᠶᠢᠨ A ᠲᠠᠰ ᠲᠤ ᠠᠮᠵᠢᠯᠲᠠ ᠲᠠᠢ ᠪᠠᠷ ᠰᠣᠩᠭᠤᠭᠳᠠᠪᠠ᠃ ᠰᠤᠷᠭᠠᠭᠤᠯᠢ ᠶᠢᠨ ᠠᠵᠤ ᠦᠢᠯᠡᠳᠪᠦᠷᠢ ᠶᠢᠨ ᠮᠠᠰᠢᠨ ᠬᠥᠮᠦᠨ ᠤ ᠮᠡᠷᠭᠡᠵᠢᠯ ᠤᠨ ᠬᠡᠷᠡᠭᠯᠡᠭᠡ᠂ ᠲᠣᠭᠠᠴᠢᠯᠠᠭᠰᠠᠨ ᠵᠠᠭᠤᠴᠢᠯᠠᠭᠤᠷ ᠤᠨ ᠮᠡᠷᠭᠡᠵᠢᠯ ᠤᠨ ᠬᠡᠷᠡᠭᠯᠡᠭᠡᠨ ᠤ ᠬᠤᠶᠠᠷ ᠲᠤᠰᠬᠠᠶ ᠮᠡᠷᠭᠡᠵᠢᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠢᠯᠢᠳᠡᠭ ᠲᠤᠰᠬᠠᠶ ᠮᠡᠷᠭᠡᠵᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠡ ᠶᠢᠨ A ᠲᠠᠰ ᠲᠤ ᠠᠮᠵᠢᠯᠲᠠᠲᠠᠶ ᠰᠣᠩᠭᠤᠭᠳᠠᠪᠠ᠃ ᠰᠤᠷᠭᠠᠭᠤᠯᠢ ᠶᠢᠨ ᠺᠠᠷᠲ᠋ᠣᠨ ᠲᠣᠭᠯᠠᠭᠠᠮ ᠤᠨ ᠵᠢᠷᠤᠭ ᠲᠥᠯᠥᠪᠯᠡᠭᠡᠨ ᠤ ᠲᠤᠰᠬᠠᠶ ᠮᠡᠷᠭᠡᠵᠢᠯ ᠨᠢ ︽ᠠᠵᠢᠯ ᠤᠨ ᠪᠠᠶᠢᠷᠢ ᠶᠢᠨ ᠬᠢᠴᠢᠶᠡᠯ ᠤᠨ ᠤᠷᠤᠯᠳᠤᠭᠠᠨ ᠤ ᠦᠨᠡᠮᠯᠡᠯ︾ ᠤᠨ ᠭᠦᠢᠯᠭᠡᠭᠡᠨ ᠤ ᠲᠤᠰᠬᠠᠶ ᠮᠡᠷᠭᠡᠵᠢᠯ ᠤᠨ ᠠᠩᠬᠠᠨ ᠤ ᠪᠦᠯᠦᠭ ᠰᠡᠳᠦᠪ ᠲᠣᠭᠲᠠᠭᠠᠬᠤ ᠲᠤᠰᠬᠠᠶ ᠮᠡᠷᠭᠡᠵᠢᠯ ᠪᠣᠯᠵᠣ᠂ ᠺᠣᠮᠫᠢᠦ᠋ᠲ᠋ᠧᠷ ᠤᠨ ᠰᠦᠯᠵᠢᠶᠡᠨ ᠤ ᠮᠡᠷᠭᠡᠵᠢᠯ ᠤᠨ ᠲᠤᠰᠬᠠᠶ ᠮᠡᠷᠭᠡᠵᠢᠯ ᠨᠢ ᠬᠤᠤᠰ ᠵᠠᠯᠭᠠᠯᠲᠠ ᠶᠢᠨ ᠲᠤᠰᠬᠠᠶ ᠮᠡᠷᠭᠡᠵᠢᠯ ᠤᠨ ᠠᠩᠬᠠᠨ ᠤ ᠪᠦᠯᠦᠭ ᠰᠡᠳᠦᠪ ᠲᠣᠭᠲᠠᠭᠠᠬᠤ ᠲᠤᠰᠬᠠᠶ ᠮᠡᠷᠭᠡᠵᠢᠯ ᠪᠣᠯᠵᠠᠶ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号