ᠴᠢᠳᠬᠤᠯᠠᠩ ᠪᠠᠯᠭᠠᠰᠤᠨ ᠤ ᠭᠦ᠋ ᠱᠠᠨ ᠽᠢ ᠲᠣᠰᠬᠤᠨ ᠲᠠᠪᠤᠨ ᠶᠡᠭᠡ ᠬᠤᠪᠢ ᠣᠷᠣᠭᠤᠯᠤᠭᠰᠠᠨ ᠬᠤᠷᠰᠢᠶ᠎ᠠ ᠪᠠᠶᠢᠭᠤᠯᠤᠭᠳᠠᠬᠤ ᠶᠡᠭᠡ ᠬᠤᠷᠠᠯ ᠵᠢᠴᠢ ᠫᠠᠶᠢᠰᠠ ᠰᠡᠬᠦᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/1/10
       1 ᠰᠠᠷ᠎ᠠ ᠶᠢᠨ 9 ᠤ ᠦᠳᠡ ᠶᠢᠨ ᠡᠮᠦᠨ᠎ᠡ᠂ ᠴᠢᠳᠬᠤᠯᠠᠩ ᠪᠠᠯᠭᠠᠰᠤ ᠶᠢᠨ ᠬᠦ᠋ ᠱᠠᠨ ᠽᠢ ᠲᠣᠰᠬᠤᠨ ᠳᠤ ᠲᠠᠪᠤᠨ ᠶᠡᠭᠡ ᠬᠤᠪᠢ ᠣᠷᠣᠭᠤᠯᠤᠭᠰᠠᠨ ᠬᠤᠷᠰᠢᠶ᠎ᠠ ᠪᠠᠶᠢᠭᠤᠯᠤᠭᠳᠠᠬᠤ ᠶᠡᠭᠡ ᠬᠤᠷᠠᠯ ᠵᠢᠴᠢ ᠫᠠᠶᠢᠰᠠ ᠰᠡᠬᠦᠬᠦ ᠶᠣᠰᠣᠯᠠᠯ ᠶᠠᠪᠤᠭᠤᠯᠵᠠᠢ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠶᠠᠨ ᠶᠦᠩ ᠶᠣᠰᠣᠯᠠᠯ ᠳᠤ ᠣᠷᠣᠯᠴᠠᠪᠠ᠃        ᠫᠠᠶᠢᠰᠠ ᠰᠡᠬᠦᠬᠦ ᠶᠣᠰᠣᠯᠠᠯ ᠤᠨ ᠳᠠᠷᠠᠭᠠᠬᠢ ᠶᠠᠷᠢᠯᠴᠠᠬᠤ ᠬᠤᠷᠠᠯ ᠳᠡᠭᠡᠷ᠎ᠡ᠂ ᠴᠧᠨ ᠶᠠᠨ ᠶᠦᠩ ᠴᠢᠳᠬᠤᠯᠠᠩ ᠪᠠᠯᠭᠠᠰᠤ ᠶᠢᠨ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠤᠨ ᠲᠣᠰᠬᠤᠨ ᠤ ᠠᠵᠤ ᠦᠢᠯᠡᠰ ᠤᠨ ᠣᠳᠣᠬᠢ ᠪᠠᠶᠢᠳᠠᠯ᠂ ᠬᠥᠭᠵᠢᠯᠲᠡ ᠶᠢᠨ ᠢᠷᠡᠭᠡᠳᠦᠢ ᠵᠡᠷᠭᠡ ᠪᠣᠳᠠᠲᠠᠢ ᠪᠠᠶᠢᠳᠠᠯ ᠢ ᠨᠠᠷᠢᠨ ᠤᠢᠢᠯᠠᠭᠠᠭᠰᠠᠨ ᠪᠥᠭᠡᠳ ᠡᠬᠢ ᠪᠠᠶᠠᠯᠢᠭ᠂ ᠠᠵᠤ ᠦᠢᠯᠡᠰ ᠤᠨ ᠲᠥᠯᠥᠪᠵᠢᠭᠦᠯᠭᠡ ᠶᠢ ᠨᠡᠶᠢᠳᠬᠡᠬᠦ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠵᠠᠢ᠃        ᠴᠧᠨ ᠶᠠᠨ ᠶᠦᠩ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠠᠬᠢᠭᠤᠯᠬᠤ ᠨᠢ ᠨᠠᠮ ᠤᠨ ᠲᠥᠪ ᠬᠤᠷᠢᠶᠠᠨ ᠤ ︽ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ︾ ᠤᠨ ᠴᠢᠬᠤᠯᠠ ᠵᠢᠭᠠᠪᠤᠷᠢ ᠶᠢ ᠨᠠᠶᠢᠳᠠᠪᠤᠷᠢᠵᠢᠭᠤᠯᠬᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠬᠤ᠂ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ ᠠᠬᠢᠭᠤᠯᠬᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠠᠬᠢᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠣᠳᠣᠬᠠᠨ ᠳᠤ ᠂ ᠰᠦᠩᠱᠠᠨ ᠲᠣᠭᠤᠷᠢᠭ ᠶᠠᠭ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠠᠶᠢᠨ᠎ᠠ᠂ ᠤᠯᠠᠨ ᠢᠶᠠᠷ ᠢᠶᠠᠨ ᠥᠭᠡᠷᠡᠴᠢᠯᠡᠯᠲᠡ ᠶᠢᠨ ᠢᠲᠡᠭᠡᠯ ᠢᠶᠠᠨ ᠤᠯᠠᠮ ᠴᠢᠨᠠᠭᠰᠢᠳᠠ ᠪᠠᠲᠤᠳᠬᠠᠵᠤ᠂ ᠬᠥᠭᠵᠢᠯᠲᠡ ᠶᠢᠨ ᠰᠡᠳᠬᠢᠴᠡ ᠪᠠᠨ ᠲᠣᠳᠣᠷᠬᠠᠶᠢᠯᠠᠵᠤ᠂ ᠬᠠᠷᠢᠯᠴᠠᠨ ᠰᠤᠷᠤᠯᠴᠠᠨ ᠲᠤᠯᠢ ᠪᠣᠯᠭᠠᠵᠤ᠂ ᠪᠦᠬᠦ ᠲᠤᠭᠤᠷᠢᠭ ᠤᠨ ᠬᠥᠳᠡᠭᠡ ᠲᠣᠰᠬᠤᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠬᠤᠰᠢᠭᠤᠴᠢ ᠪᠠ ᠲᠠᠭᠠᠭᠤᠯᠤᠭᠴᠢ ᠪᠣᠯᠬᠤ ᠪᠠᠷ ᠴᠢᠷᠮᠠᠶᠢᠬᠤ ᠬᠡᠷᠡᠭᠲᠡᠢ᠃ ᠡᠭᠦᠨ ᠤ ᠵᠡᠷᠭᠡᠪᠡᠷ᠂ ᠭᠦ᠋ ᠱᠠᠨ ᠽᠢ ᠲᠣᠰᠬᠤᠨ ᠤ ᠬᠢᠨ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠤ ᠠᠪᠢᠶᠠᠰ ᠴᠢᠳᠠᠪᠤᠷᠢ ᠶᠢ ᠭᠦᠢᠴᠡᠳ ᠬᠤᠷᠠᠮᠳᠤᠭᠤᠯᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠶᠡᠭᠡ ᠡᠷᠴᠢ ᠵᠣᠷᠢᠭ ᠢᠶᠠᠷ ᠵᠣᠷᠢᠭᠲᠠᠢ ᠪᠠᠷ ᠲᠤᠷᠰᠢᠵᠤ᠂ ᠬᠦᠴᠦᠯᠡᠨ ᠠᠬᠢᠭᠤᠯᠵᠤ᠂ ᠵᠣᠷᠢᠭᠲᠠᠢ ᠪᠠᠷ ᠠᠵᠢᠯᠯᠠᠵᠤ᠂ ︽ᠭᠤᠷᠪᠠ ᠶᠢ ᠬᠤᠪᠢᠷᠠᠭᠤᠯᠬᠤ ᠥᠭᠡᠷᠡᠴᠢᠯᠡᠯᠲᠡ᠂ ᠲᠠᠪᠤᠨ ᠶᠡᠭᠡ ᠬᠠᠮᠲᠤᠷᠠᠯᠴᠠᠭ᠎ᠠ︾ ᠶᠢ ᠬᠡᠷᠡᠭᠵᠢᠭᠦᠯᠬᠦ ᠪᠠᠷ ᠳᠠᠮᠵᠢᠭᠤᠯᠵᠤ᠂ ᠭᠦ᠋ ᠱᠠᠨ ᠽᠢ ᠲᠣᠰᠬᠤᠨ ᠳᠤ ᠬᠥᠭᠵᠢᠯᠲᠡ ᠶᠢᠨ ᠵᠠᠮ᠂ ᠵᠣᠯ ᠵᠢᠷᠭᠠᠯᠲᠤ ᠵᠠᠮ ᠢ ᠨᠡᠭᠡᠭᠡᠵᠦ ᠥᠭᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃        ᠶᠠᠷᠢᠯᠴᠠᠬᠤ ᠬᠤᠷᠠᠯ ᠤᠨ ᠲᠠᠷᠠᠭ᠎ᠠ᠂ ᠴᠧᠨ ᠶᠠᠨ ᠶᠦᠩ ᠨᠡᠷ ᠪᠠᠰᠠ ᠴᠢᠳᠬᠤᠯᠠᠩ ᠪᠠᠯᠭᠠᠰᠤ ᠶᠢᠨ ᠹᠦ᠋ ᠱᠠᠨ ᠵᠤᠸᠠᠩ ᠲᠣᠰᠬᠤᠨ᠂ ᠴᠢᠳᠬᠤᠯᠠᠩ ᠪᠠᠯᠭᠠᠰᠤ ᠶᠢᠨ ᠨᠠᠮ ᠤᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠤᠭᠰᠠᠨ ︽ᠭᠤᠷᠪᠠ ᠶᠢ ᠨᠢᠭᠡ ᠴᠤᠬᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠥᠭᠡᠷᠡᠴᠢᠯᠡᠯᠲᠡ ᠶᠢᠨ ᠦᠵᠡᠭᠦᠯᠦᠯᠭᠡ ᠶᠢᠨ ᠲᠥᠪ ᠵᠡᠷᠭᠡ ᠭᠠᠵᠠᠷ ᠲᠤ ᠬᠦᠷᠴᠦ᠂ ᠪᠦᠬᠦ ᠪᠠᠯᠭᠠᠰᠤ  ᠶᠢᠨ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠪᠣᠯᠤᠨ ︽ᠭᠤᠷᠪᠠ ᠶᠢ ᠨᠢᠭᠡ ᠴᠤᠬᠴᠠᠵᠢᠭᠤᠯᠬᠤ︾ ᠲᠤᠷᠰᠢᠯᠲᠠ ᠶᠢᠨ ᠴᠢᠭ ᠤᠨ ᠠᠵᠢᠯ ᠢ ᠠᠬᠢᠭᠤᠯᠬᠤ ᠲᠤᠬᠠᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠢ᠃        ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ ᠭᠦ᠋ ᠱᠠᠨ ᠽᠢ ᠲᠣᠰᠬᠤᠨ ᠤ ᠬᠢᠨ ︽ᠡᠬᠢ ᠪᠠᠶᠠᠯᠢᠭ ᠢ ᠡᠳ᠋ ᠬᠦᠷᠦᠩᠬᠡ ᠪᠣᠯᠭᠠᠨ ᠬᠤᠪᠢᠷᠠᠭᠤᠯᠬᠤ᠂ ᠪᠡᠯᠡ ᠮᠥᠩᠭᠦ ᠶᠢ ᠬᠤᠪᠢ ᠣᠷᠣᠭᠤᠯᠤᠭᠰᠠᠨ ᠮᠥᠩᠭᠦ ᠪᠣᠯᠭᠠᠨ ᠬᠤᠪᠢᠷᠠᠭᠤᠯᠬᠤ ᠂ ᠲᠠᠷᠢᠶᠠᠴᠢᠨ ᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠬᠤ︾ ᠪᠠᠷ ᠭᠤᠣᠯ ᠠᠭᠤᠯᠭ᠎ᠠ ᠪᠣᠯᠭᠠᠭᠰᠠᠨ ᠪᠠ ︽ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶ᠎ᠠ᠂ ᠭᠠᠵᠠᠷ ᠰᠢᠷᠣᠢ ᠶᠢᠨ ᠬᠤᠪᠢ ᠣᠷᠣᠭᠤᠯᠤᠭᠰᠠᠨ ᠬᠤᠷᠰᠢᠶ᠎ᠠ᠂ ᠵᠤᠭᠠᠴᠠᠯ ᠤᠨ ᠬᠤᠪᠢ ᠣᠷᠣᠭᠤᠯᠤᠭᠰᠠᠨ ᠬᠤᠷᠰᠢᠶ᠎ᠠ᠂ ᠬᠥᠳᠡᠯᠮᠦᠷᠢ ᠦᠢᠯᠡᠴᠢᠯᠡᠭᠡᠨ ᠤ ᠬᠤᠪᠢ ᠣᠷᠣᠭᠤᠯᠤᠭᠰᠠᠨ ᠬᠤᠷᠰᠢᠶ᠎ᠠ᠂ ᠦᠢᠯᠡᠰ ᠪᠤᠰᠬᠠᠬᠤ ᠬᠤᠪᠢ ᠣᠷᠣᠭᠤᠯᠤᠭᠰᠠᠨ ᠬᠤᠷᠰᠢᠶ᠎ᠠ︾ ᠵᠡᠷᠭᠡ ᠲᠠᠪᠤᠨ ᠬᠤᠷᠰᠢᠶ᠎ᠠ ᠶᠢ ᠪᠠᠶᠢᠭᠤᠯᠬᠤ ᠪᠠᠷ ᠭᠤᠣᠯ ᠪᠣᠯᠭᠠᠭᠰᠠᠨ ︽ᠭᠤᠷᠪᠠ ᠶᠢ ᠬᠤᠪᠢᠷᠠᠭᠤᠯᠵᠤ ᠲᠠᠪᠤ ᠶᠢ ᠨᠡᠶᠢᠯᠡᠭᠦᠯᠬᠦ︾ ᠥᠭᠡᠷᠡᠴᠢᠯᠡᠯᠲᠡ ᠶᠢᠨ ᠠᠵᠢᠯ ᠢ ᠢᠳᠡᠪᠬᠢᠲᠡᠢ ᠰᠦᠪᠡᠭᠴᠢᠯᠡᠵᠡᠢ᠃ ᠲᠠᠷᠢᠶᠠᠴᠢᠨ ᠡᠷᠦᠭᠡ ᠪᠣᠯᠤᠨ ᠬᠠᠮᠲᠤ ᠶᠢᠨ ᠠᠵᠤ ᠠᠬᠤᠢ᠂ ᠬᠥᠳᠡᠭᠡ ᠠᠵᠤ ᠠᠬᠤᠢ ᠪᠣᠯᠤᠨ ᠡᠵᠡᠩᠨᠡᠯᠲᠡ ᠶᠢᠨ ᠭᠤᠣᠯ ᠴᠣᠭᠴᠠ ᠶᠢᠨ ︽ᠦᠢᠯᠡᠳᠪᠦᠷᠢᠯᠡᠯ ᠲᠠᠢ ᠪᠠᠨ ᠬᠤᠯᠪᠣᠭᠠᠯᠠᠵᠤ ᠠᠵᠢᠯ ᠦᠢᠯᠡᠰ ᠲᠠᠢ ᠪᠠᠨ ᠬᠤᠯᠪᠣᠭᠠᠯᠠᠬᠤ︾᠂ ︽ᠬᠤᠪᠢ ᠣᠷᠣᠭᠤᠯᠤᠯᠲᠠ ᠲᠠᠢ ᠪᠠᠨ ᠬᠤᠯᠪᠣᠭᠠᠯᠠᠵᠤ ᠰᠡᠳᠬᠢᠯ  ᠢᠶᠠᠷ ᠢᠶᠠᠨ ᠬᠤᠯᠪᠣᠭᠠᠯᠠᠬᠤ︾ ᠶᠢ ᠠᠬᠢᠭᠤᠯᠬᠤ ᠪᠠᠷ ᠳᠠᠮᠵᠢᠭᠤᠯᠵᠤ᠂ ᠬᠥᠳᠡᠭᠡ ᠲᠣᠰᠬᠤᠨ ᠤ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号