1 ᠰᠠᠷ᠎ᠠ ᠶᠢᠨ 5 ᠤ ᠦᠳᠡ ᠶᠢᠨ ᠡᠮᠦᠨ᠎ᠡ᠂ ᠰᠦᠩᠱᠠᠨ ᠲᠣᠭᠤᠷᠢᠭ 2022 ᠣᠨ ᠤ ᠵᠡᠪᠰᠡᠭᠲᠦ ᠬᠦᠴᠦᠨ ᠤ | ᠠᠵᠢᠯ ᠤᠨ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠦᠪᠯᠡᠬᠦ ᠬᠤᠷᠠᠯ | ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ | ᠬᠤᠷᠠᠯᠳᠤᠭᠤᠯᠪᠠ᠃ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠲᠣᠭᠤᠷᠢᠭ ᠤᠨ ᠠᠷᠠᠳ ᠤᠨ | ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠵᠢᠶᠠᠩ ᠼᠦᠩ᠂ ᠲᠣᠭᠤᠷᠢᠭ ᠤᠨ | ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠦᠩ᠂ | ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠠᠷᠠᠳ ᠤᠨ ᠵᠡᠪᠰᠡᠭᠲᠦ | ᠬᠦᠴᠦᠨ ᠤ ᠬᠡᠯᠲᠡᠰ ᠤᠨ ᠺᠣᠮᠢᠰᠰᠠᠷ ᠰᠦᠨ ᠶᠢᠩ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠢᠦᠢ | ᠬᠤᠸᠠ ᠶᠠᠨ᠂ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠠᠩ ᠱᠤᠤ ᠭᠤᠸᠠᠩ | ᠬᠤᠷᠠᠯ ᠳᠤ ᠣᠷᠣᠯᠴᠠᠪᠠ᠃ | ᠵᠢᠶᠠᠩ ᠼᠦᠩ ᠵᠢᠭᠠᠵᠤ ᠭᠠᠷᠭᠠᠭᠰᠠᠨ ᠨᠢ᠂ 2022 ᠣᠨ ᠳᠤ᠂ ᠲᠤᠭᠤᠷᠢᠭ ᠤᠨ ᠨᠠᠮ ᠤᠨ ᠬᠤᠷᠢᠶ᠎ᠠ᠂ | ᠲᠤᠭᠤᠷᠢᠭ ᠤᠨ ᠵᠠᠰᠠᠭ ᠤᠨ ᠣᠷᠳᠣᠨ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ | ᠭᠦᠨᠵᠡᠭᠡᠢ ᠲᠤᠤᠱᠯᠠᠭᠤᠯᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠡᠯ᠎ᠡ ᠵᠦᠢᠯ ᠤᠨ ᠱᠠᠭᠠᠷᠳᠠᠯᠭ᠎ᠠ ᠶᠢ | ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ | ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠳᠡ ᠦᠭᠡᠢ ᠲᠡᠭᠦᠯᠳᠡᠷᠵᠢᠭᠦᠯᠵᠦ᠂ ᠴᠡᠷᠢᠭ ᠠᠩᠬᠢ ᠪᠠ ᠣᠷᠣᠨ | ᠨᠤᠲᠤᠭ ᠤᠨ ᠠᠭᠤᠰᠤᠯᠴᠠᠯ ᠢ ᠬᠠᠮᠲᠤᠪᠠᠷ ᠠᠬᠢᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠢᠳᠡᠪᠬᠢᠲᠡᠢ ᠦᠷ᠎ᠡ | ᠪᠦᠲᠦᠮᠵᠢ ᠣᠯᠵᠠᠢ᠃ | ᠪᠦᠬᠦ ᠲᠤᠭᠤᠷᠢᠭ ᠤᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠰᠠᠶᠢᠲᠤᠷ ᠬᠢᠬᠦ ᠲᠤᠬᠠᠢ | ᠵᠢᠶᠠᠩ ᠼᠦᠩ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠤᠯᠤᠰ ᠲᠦᠷᠦ ᠶᠢᠨ | ᠬᠠᠷᠢᠭᠤᠴᠠᠯᠭ᠎ᠠ ᠪᠠᠨ ᠡᠭᠦᠷᠭᠡᠯᠡᠬᠦ ᠬᠡᠷᠡᠭᠲᠡᠢ᠃ ᠵᠡᠪᠰᠡᠭᠲᠦ ᠬᠦᠴᠦᠨ ᠤ ᠠᠵᠢᠯ ᠢ ᠤᠯᠤᠰ ᠣᠷᠣᠨ ᠤ ᠠᠮᠤᠷ ᠲᠦᠪᠰᠢᠨ | ᠪᠠ ᠬᠥᠭᠵᠢᠯᠲᠡ ᠶᠢᠨ ᠶᠡᠭᠡ ᠬᠠᠨᠳᠤᠰᠢ ᠳᠤ ᠡᠷᠡᠰ ᠲᠠᠯᠪᠢᠨ ᠪᠣᠳᠣᠯᠬᠢᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ | ᠪᠠ ᠴᠡᠷᠢᠭ ᠠᠩᠬᠢ ᠶᠢᠨ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠶᠢᠨ ᠰᠢᠨ᠎ᠡ ᠱᠠᠭᠠᠷᠳᠠᠯᠭ᠎ᠠ ᠶᠢ ᠭᠦᠨᠵᠡᠭᠡᠶ | ᠡᠵᠡᠮᠳᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠪᠠ ᠵᠡᠪᠰᠡᠭᠲᠦ ᠬᠦᠴᠦᠨ ᠤ ᠠᠵᠢᠯ ᠢ | ᠤᠳᠤᠷᠢᠳᠬᠤ ᠴᠢᠳᠠᠪᠤᠷᠢ ᠪᠠᠨ ᠲᠠᠰᠤᠷᠠᠯᠳᠠ ᠦᠭᠡᠢ ᠴᠢᠩᠭᠠᠷᠠᠭᠤᠯᠬᠤ ᠬᠡᠷᠡᠭᠲᠡᠢ᠃ ᠲᠠᠶᠢᠨ ᠳᠤ ᠪᠡᠯᠡᠳᠬᠡᠬᠦ | ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠠᠳᠬᠤᠬᠤ ᠬᠡᠷᠡᠭᠲᠡᠢ᠃ | ︽ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠣᠮᠣ ᠦᠵᠡᠯᠲᠡ︾ ᠶᠢ ᠪᠠᠲᠤ ᠪᠠᠬᠢ ᠪᠣᠶ ᠪᠣᠯᠭᠠᠵᠤ᠂ ᠤᠯᠤᠰ | ᠲᠥᠷᠥ ᠶᠢᠨ ᠴᠢᠭᠯᠡᠯ᠂ ᠦᠵᠡᠯ ᠰᠠᠨᠠᠭᠠᠨ ᠤ ᠪᠠᠶᠢᠭᠤᠯᠤᠯᠲᠠ᠂ ᠡᠩᠨᠡᠭᠡ ᠶᠢ ᠵᠣᠬᠢᠶᠠᠨ ᠪᠠᠶᠢᠭᠤᠯᠬᠤ᠂ ᠦᠢᠯᠡᠴᠢᠯᠡᠭᠡᠨ ᠤ | ᠪᠠᠲᠤᠯᠠᠭ᠎ᠠ᠂ ᠦᠢᠯᠡᠳᠦᠯ ᠢ ᠪᠠᠳᠠᠷᠠᠭᠤᠯᠬᠤ ᠵᠡᠷᠭᠡ ᠲᠠᠯ᠎ᠠ ᠶᠢ ᠴᠢᠩᠭ᠎ᠠ ᠠᠩᠬᠠᠷᠴᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠤᠷᠭᠠᠨ ᠬᠥᠮᠦᠵᠢᠯ᠂ ᠡᠷᠦᠬᠡ ᠶᠢᠨ ᠴᠡᠷᠢᠭ ᠢ ᠵᠣᠬᠢᠶᠠᠨ ᠪᠠᠶᠢᠭᠤᠯᠬᠤ᠂ ᠴᠡᠷᠢᠭ ᠤᠨ ᠠᠯᠪᠠᠨ ᠳᠤ | ᠡᠯᠰᠡᠬᠦ ᠵᠡᠷᠭᠡ ᠠᠵᠢᠯ ᠢ ᠪᠥᠬᠦ ᠲᠠᠯ᠎ᠠ ᠪᠠᠷ ᠰᠠᠶᠢᠲᠤᠷ ᠠᠳᠬᠤᠵᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ | ᠡᠷᠴᠢᠮ ᠢ ᠴᠢᠩᠭᠠᠷᠠᠭᠤᠯᠤᠨ᠂ ᠬᠠᠮᠲᠤᠷᠠᠨ ᠵᠢᠯᠣᠭᠤᠳᠬᠤ ᠪᠠ ᠳᠡᠮᠵᠢᠨ ᠪᠠᠲᠤᠯᠠᠬᠤ ᠴᠢᠳᠠᠪᠤᠷᠢ ᠶᠢ ᠦᠷᠭᠦᠯᠵᠢᠯᠡᠨ | ᠳᠡᠭᠡᠭᠰᠢᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠡᠯ᠎ᠡ ᠵᠦᠢᠯ ᠤᠨ ᠡᠭᠦᠷᠭᠡ ᠶᠢ | ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠴᠡᠷᠢᠭ ᠠᠩᠭᠢ ᠪᠠ ᠣᠷᠣᠨ ᠨᠤᠲᠤᠭ ᠤᠨ ᠬᠠᠮᠲᠤᠷᠠᠯ ᠤᠨ | ᠬᠦᠴᠦᠨ ᠢ ᠨᠢᠭᠲᠠᠷᠠᠭᠤᠯᠵᠤ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠬᠦ | ᠬᠡᠷᠡᠭᠲᠡᠢ᠃ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠴᠡᠷᠢᠭ ᠠᠩᠭᠢ | ᠪᠠ ᠣᠷᠣᠨ ᠨᠤᠲᠤᠭ ᠢ ᠵᠣᠯᠭᠠᠭᠤᠯᠬᠤ ᠬᠡᠯᠬᠢᠶ᠎ᠡ ᠶᠢ ᠨᠡᠪᠲᠡᠷᠡᠭᠦᠯᠦᠨ᠂ ᠴᠡᠷᠢᠭ ᠵᠠᠰᠠᠭ ᠴᠡᠷᠢᠭ ᠠᠷᠠᠳ ᠤᠨ | ᠬᠠᠷᠢᠴᠠᠭ᠎ᠠ ᠶᠢ ᠪᠠᠬᠢᠵᠢᠭᠦᠯᠵᠦ᠂ ᠬᠤᠶᠠᠷ ᠢ ᠬᠦᠷᠢᠶᠡᠯᠡᠬᠦ ᠠᠵᠢᠯ ᠤᠨ ᠬᠢᠷᠢ ᠲᠦᠪᠰᠢᠨ ᠢ ᠦᠷᠭᠦᠯᠵᠢᠯᠡᠨ | ᠳᠡᠭᠡᠭᠰᠢᠯᠡᠭᠦᠯᠵᠦ᠂ ᠴᠡᠷᠢᠭ ᠠᠩᠭᠢ ᠶᠢ ᠦᠨᠡᠨ ᠰᠡᠳᠬᠢᠯ ᠠᠴᠠ ᠪᠠᠨ ᠬᠠᠪᠰᠤᠷᠤᠨ ᠪᠣᠳᠠᠲᠠᠶ ᠶᠠᠪᠤᠳᠠᠯ ᠬᠢᠵᠦ᠂ ᠬᠦᠴᠢᠷ | ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠪᠠ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠨᠠᠩ ᠥᠷᠭᠡᠨ ᠬᠡᠪᠴᠢᠶᠡᠨ ᠳᠤ᠂ ᠨᠠᠩ ᠥᠨᠳᠥᠷ ᠲᠠᠰ | ᠳᠠᠪᠬᠤᠷᠭ᠎ᠠ ᠳᠤ᠂ ᠨᠠᠩ ᠭᠦᠨ ᠬᠡᠮᠵᠢᠶ᠎ᠡ ᠪᠠᠷ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃ | ᠵᠦᠩ ᠴᠢᠩ ᠰᠦᠩ ᠴᠢᠬᠤᠯᠠᠴᠢᠯᠠᠭᠰᠠᠨ ᠨᠢ᠂ ᠤᠯᠤᠰ ᠢᠶᠠᠨ ᠬᠦᠴᠦᠷᠬᠡᠭᠵᠢᠭᠦᠯᠬᠦ ᠳᠤ ᠡᠷᠬᠡᠪᠰᠢ | ᠴᠡᠷᠢᠭ ᠢᠶᠠᠨ ᠬᠦᠴᠦᠷᠬᠡᠭᠵᠢᠭᠦᠯᠬᠦ ᠬᠡᠷᠡᠭᠲᠡᠢ᠂ ᠴᠡᠷᠢᠭ ᠢᠶᠠᠨ ᠬᠦᠴᠦᠷᠬᠡᠭᠵᠢᠭᠦᠯᠪᠡᠯ ᠰᠠᠶ᠋ᠢ ᠤᠯᠤᠰ ᠢᠶᠠᠨ ᠠᠮᠤᠷ | ᠲᠦᠪᠰᠢᠨ ᠪᠣᠯᠭᠠᠵᠤ ᠴᠢᠳᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ | ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠬᠥᠭᠵᠢᠯᠲᠡ ᠶᠢ | ᠬᠦᠳᠦᠯᠦᠨ ᠳᠠᠭᠠᠭᠤᠯᠵᠤ᠂ ᠤᠯᠤᠰ ᠲᠦᠷᠦ ᠶᠢᠨ ᠳᠠᠪᠲᠠᠯᠲᠠ ᠶᠢ ᠴᠢᠩᠭᠠᠳᠬᠠᠵᠤ᠂ ᠵᠣᠷᠢᠭᠲᠠᠢ ᠪᠠᠷ ᠬᠠᠷᠢᠭᠤᠴᠠᠯᠭ᠎ᠠ | ᠡᠭᠦᠷᠭᠡᠯᠡᠨ ᠠᠵᠢᠯ ᠬᠢᠵᠦ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠦᠷᠭᠦᠯᠵᠢᠯᠡᠨ ᠠᠬᠢᠭᠤᠯᠵᠤ᠂ | ᠪᠦᠬᠦ ᠲᠣᠭᠤᠷᠢᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠪᠦᠳᠦᠭᠡᠨ ᠪᠠᠶᠢᠭᠤᠯᠤᠯᠲᠠ ᠶᠢᠨ | ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ︕ | ᠬᠤᠷᠠᠯ ᠠᠴᠠ 2022 ᠣᠨ ᠤ ᠬᠤᠳᠠ ᠶᠢᠨ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠦᠪᠯᠡᠬᠦ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ | ᠬᠤᠷᠠᠯ ᠠᠴᠠ 2022 ᠣᠨ ᠤ ᠪᠦᠬᠦ ᠲᠤᠭᠤᠷᠢᠭ ᠤᠨ ᠵᠡᠪᠰᠡᠭᠲᠦ ᠬᠦᠴᠦᠨ ᠤ ᠠᠵᠢᠯ ᠢ ᠳ᠋ᠦᠩᠨᠡᠭᠰᠡᠨ | ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠬᠡᠰᠡᠭ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠨᠠᠮ ︵ᠠᠵᠢᠯᠴᠢᠨ︶ ᠤᠨ ᠬᠤᠷᠢᠶᠠᠨ ᠤ ᠱᠦᠵᠢ ︽ | ᠨᠠᠮ ᠠᠴᠠ ᠵᠡᠪᠰᠡᠭᠲᠦ ᠬᠦᠴᠦᠨ ᠤ ᠠᠵᠢᠯ ᠢ ᠬᠠᠮᠢᠶᠠᠷᠬᠤ︾ ᠲᠣᠭᠤᠷᠢᠨ ᠳᠤ ᠲᠤᠬᠠᠢ ᠶᠢᠨ ᠲᠠᠯᠠᠪᠠᠢ ᠳᠤ | ᠲᠤᠰᠢᠶᠠᠯ ᠤᠨ ᠮᠡᠳᠡᠭᠦᠯᠦᠯᠲᠡ ᠬᠢᠵᠡᠢ᠃ | ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠨᠠᠮ ︵ᠠᠵᠢᠯᠴᠢᠨ︶ ᠤᠨ ᠬᠤᠷᠢᠶ᠎ᠠ ᠶᠢᠨ ᠱᠦᠵᠢ᠂ | ᠵᠡᠪᠰᠡᠭᠲᠦ ᠬᠦᠴᠦᠨ ᠤ ᠭᠡᠯᠲᠡᠰ ᠤᠨ ᠳᠠᠷᠤᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ | ᠵᠥᠪᠯᠡᠯ ᠤᠨ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ |