ᠰᠢᠶᠠ ᠵᠢᠶᠠ ᠳ᠋ᠢᠶᠠᠨ ᠰᠢᠶᠠᠩ ᠴᠠᠭᠠᠨ ᠰᠠᠷ᠎ᠠ ᠶᠢᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠥᠷᠨᠢᠭᠦᠯᠵᠦ᠂ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠨ᠎ᠠ
ᠨᠡᠶᠢᠲᠡᠯᠡᠭᠰᠡᠨ ᠴᠠᠭ᠄
2023/1/10
      ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠰᠠᠶᠢᠲᠤᠷ ᠬᠢᠵᠦ ᠂ ᠪᠦᠬᠦ ᠰᠢᠶᠠᠩ ᠤᠨ ᠠᠷᠠᠳ ᠤᠯᠠᠨ ᠤ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 1 ᠰᠠᠷ᠎ᠠ ᠶᠢᠨ 6 ᠤ ᠡᠳᠦᠷ᠂ ᠰᠢᠶᠠ ᠵᠢᠶᠠ ᠳ᠋ᠢᠶᠠᠨ ᠰᠢᠶᠠᠩ ᠤᠨ ᠭᠤᠣᠯ ᠬᠠᠷᠢᠭᠤᠴᠠᠯᠭᠠᠲᠠᠨ ᠠᠩᠬᠢ ᠳᠠᠭᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶ᠎ᠠ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠭᠰᠡᠨ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠢ ᠳᠠᠭᠠᠭᠤᠯᠵᠤ᠂ ᠰᠤᠷᠭᠠᠭᠤᠯᠢ᠂ ᠰᠢᠲᠠᠮᠠᠬᠠᠢ ᠬᠡᠢ ᠶᠢᠨ ᠦᠷᠳᠡᠭᠡ ᠵᠡᠷᠭᠡ ᠭᠤᠣᠯᠳᠠᠯᠭ᠎ᠠ ᠲᠠᠢ ᠨᠢᠭᠡᠴᠡ ᠪᠣᠯᠤᠨ ᠲᠠᠯᠠᠪᠤᠷ ᠲᠤ ᠭᠦᠨᠵᠡᠭᠡᠶᠢᠷᠡᠵᠦ ᠪᠠᠶᠠᠷ ᠤᠨ ᠡᠳᠦᠷ ᠠᠴᠠ ᠡᠮᠦᠨᠡᠬᠢ ᠡᠯ᠎ᠡ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠥᠷᠨᠢᠭᠦᠯᠵᠡᠢ᠃        ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ᠂ ᠰᠤᠷᠭᠠᠭᠤᠯᠢ᠂ ᠰᠢᠲᠠᠮᠠᠬᠠᠶ ᠬᠡᠢ ᠶᠢᠨ ᠥᠷᠲᠡᠭᠡ᠂ ᠬᠤᠳᠠᠯᠳᠤᠭ᠎ᠠ ᠮᠠᠶᠢᠮᠠᠢ᠂ ᠲᠣᠰᠣ ᠨᠡᠮᠡᠬᠦ ᠥᠷᠲᠡᠭᠡ᠂ ᠪᠠᠷᠢᠯᠭ᠎ᠠ ᠶᠢᠨ ᠭᠠᠵᠠᠷ᠂ ᠲᠦᠷᠢᠶᠡᠰᠦᠨ ᠭᠡᠷ᠂ ᠰᠠᠩ ᠬᠥᠮᠥᠷᠭᠡ ᠵᠡᠷᠭᠡ ᠲᠠᠯᠠᠪᠤᠷ ᠲᠤ ᠬᠦᠷᠴᠦ ᠠᠮᠤᠷ ᠲᠦᠪᠰᠢᠨ ᠤ ᠪᠠᠶᠢᠴᠠᠭᠠᠯᠲᠠ ᠬᠢᠪᠡ᠃ ᠬᠦᠷᠦᠭᠰᠡᠨ ᠭᠠᠵᠠᠷ ᠪᠣᠯᠭᠠᠨ ᠳᠤ᠂ ᠰᠢᠶᠠᠩ ᠤᠨ ᠭᠤᠣᠯ ᠤᠳᠤᠷᠢᠳᠤᠯᠭ᠎ᠠ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠵᠢᠴᠢ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢᠨ ᠤᠬᠠᠭᠤᠯᠭ᠎ᠠ ᠶᠢᠨ ᠪᠠᠶᠢᠳᠠᠯ ᠢ ᠠᠰᠠᠭᠤᠨ ᠯᠠᠪᠯᠠᠵᠤ᠂ ᠴᠠᠬᠢᠯᠭᠠᠨ ᠬᠡᠷᠡᠭᠯᠡᠬᠦ ᠲᠥᠬᠦᠭᠡᠷᠦᠮᠵᠢ ᠶᠢ ᠨᠠᠷᠢᠨ ᠪᠠᠶᠢᠴᠠᠭᠠᠨ ᠦᠵᠡᠬᠦ ᠶᠢᠨ ᠬᠠᠮᠲᠤ ᠡᠳᠡᠭᠡᠷ ᠲᠠᠯᠠᠪᠤᠷ ᠤᠨ ᠭᠠᠯ ᠤᠨᠲᠠᠷᠠᠭᠠᠬᠤ ᠨᠡᠪᠲᠡᠷᠡᠬᠦ ᠵᠠᠮ ᠤᠨ ᠰᠠᠭᠠᠳ ᠦᠭᠡᠢ ᠪᠠᠶᠢᠬᠤ ᠡᠰᠡᠬᠦ᠂ ᠭᠠᠯ ᠤᠨᠲᠠᠷᠠᠭᠠᠭᠤᠷ᠂ ᠲᠠᠷᠬᠠᠭᠠᠬᠤ ᠵᠢᠭᠠᠯᠲᠠ ᠳᠡᠮᠳᠡᠭ᠂ ᠪᠠᠴᠢᠮ ᠪᠠᠶᠢᠳᠠᠯ ᠢ ᠠᠷᠭᠠᠴᠠᠬᠤ ᠭᠠᠷᠬᠤ ᠵᠠᠮ ᠵᠡᠷᠭᠡ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠳᠤᠬᠢᠷᠠᠭᠤᠯᠤᠯᠳᠠ ᠪᠠ ᠴᠢᠳᠠᠪᠬᠢ ᠶᠢᠨ ᠪᠠᠶᠢᠳᠠᠯ ᠵᠡᠷᠭᠡ ᠶᠢ ᠪᠠᠶᠢᠴᠠᠭᠠᠪᠠ᠃ ᠰᠢᠶᠠᠩ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠦᠷᠲᠡᠭᠡ ᠪᠣᠯᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶ᠎ᠠ ᠶᠢᠨ ᠠᠵᠢᠯᠲᠠᠳ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠢ ᠨᠢᠭᠡᠳ ᠨᠢᠭᠡ ᠪᠠᠷ ᠳᠠᠩᠰᠠᠯᠠᠭᠰᠠᠨ ᠪᠥᠭᠡᠳ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢᠶᠠᠨ ᠳᠡᠭᠡᠭᠰᠢᠯᠡᠭᠦᠯᠵᠦ᠂ ᠠᠵᠠ ᠵᠠᠪᠰᠢᠶᠠᠨ ᠢ ᠡᠷᠢᠬᠦ ᠪᠤᠳᠤᠯ ᠢ ᠲᠡᠪᠴᠢᠵᠦ᠂ ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号