1 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ | ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠤᠸᠠᠨ ᠲᠢᠶᠠᠨ ᠮᠧᠩ ᠰᠦᠩᠱᠠᠨ | ᠲᠣᠭᠤᠷᠢᠭ ᠤᠨ ᠰᠢᠭᠦᠬᠦ ᠬᠤᠷᠢᠶᠠᠨ ᠤ ᠵᠠᠷᠭᠤ ᠶᠢᠨ ᠦᠢᠯᠡᠴᠢᠯᠡᠭᠡᠨ ᠤ ᠲᠥᠪ ᠂ ᠲᠣᠭᠤᠷᠢᠭ ᠤᠨ ᠪᠠᠶᠢᠴᠠᠭᠠᠬᠤ | ᠬᠤᠷᠢᠶ᠎ᠠ ᠳᠤ ᠬᠦᠷᠴᠦ ᠴᠠᠭᠠᠨ ᠰᠠᠷ᠎ᠠ ᠶᠢᠨ ᠠᠶᠢᠯᠴᠢᠯᠠᠯᠲᠠ ᠶᠢᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ | ᠨᠢᠭᠡᠳᠦᠭᠡᠷ ᠹᠷᠣᠨᠲ ᠤᠨ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ ᠲᠤ ᠪᠠᠶᠠᠷ ᠤᠨ ᠡᠳᠦᠷ ᠤᠨ | ᠮᠡᠨᠳᠦᠴᠢᠯᠡᠯ ᠪᠠ ᠴᠠᠭᠠᠨ ᠰᠠᠷ᠎ᠠ ᠶᠢᠨ ᠢᠷᠥᠭᠡᠯ ᠳᠡᠪᠰᠢᠭᠦᠯᠵᠡᠶ᠃ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ | ᠵᠢᠶᠠᠩ ᠼᠦᠩ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶ᠎ᠠ ᠶᠢᠨ ᠱᠦᠵᠢ ᠹᠦ᠋ ᠴᠢᠶᠠᠩ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠲᠤᠭᠤᠷᠢᠭ ᠤᠨ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠵᠦ ᠰᠢᠶᠤᠤ ᠯᠸᠢ ᠪᠠᠷ᠎ᠠ ᠪᠣᠯᠵᠣ | ᠲᠣᠬᠤᠨᠢᠭᠤᠯᠪᠠ᠃ | ᠯᠤᠸᠠᠨ ᠲᠢᠶᠠᠨ ᠮᠧᠩ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ ᠥᠷᠭᠡᠨ ᠣᠯᠠᠨ ᠤᠯᠤᠰ | ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ ᠲᠡᠮᠡᠴᠡᠯ ᠤᠨ ᠵᠣᠷᠢᠭ ᠰᠠᠨᠠᠭ᠎ᠠ ᠪᠠᠨ ᠭᠦᠢᠴᠡᠳ ᠪᠠᠳᠠᠷᠠᠭᠤᠯᠵᠤ᠂ | ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ | ᠪᠠᠶᠢᠳᠠᠯ ᠢ ᠬᠠᠮᠠᠭᠠᠯᠠᠬᠤ᠂ ᠠᠮᠤᠷ ᠲᠦᠪᠰᠢᠨ ᠤ ᠰᠠᠶᠢᠨ ᠰᠠᠶᠢᠬᠠᠨ ᠡᠮᠬᠢ ᠵᠢᠷᠤᠮ ᠢ ᠪᠠᠲᠤᠯᠠᠬᠤ᠂ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠳᠤ ᠲᠣᠪᠤᠶᠢᠮ᠎ᠠ ᠬᠤᠪᠢ ᠨᠡᠮᠡᠷᠢ ᠭᠠᠷᠭᠠᠭᠰᠠᠨ ᠪᠠᠶᠢᠨ᠎ᠠ᠃ | ᠲᠡᠷᠡ᠂ ᠰᠢᠨ᠎ᠡ ᠨᠢᠭᠡ ᠵᠢᠯ ᠳᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠶᠡᠷᠦᠩᠬᠡᠶᠢᠯᠡᠨ | ᠵᠢᠯᠤᠭᠤᠳᠤᠭᠤᠯᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ︽ᠬᠤᠶᠠᠷ ᠶᠡᠭᠡ ᠲᠠᠯ᠎ᠠ︾ ᠳᠤ ᠤᠬᠠᠮᠰᠠᠷ ᠠᠴᠠ ᠪᠠᠨ ᠠᠭᠤᠰᠤᠯᠴᠠᠵᠤ᠂ ︽ | ᠵᠢᠷᠭᠤᠭᠠᠨ ᠤᠯᠠᠭᠠᠨᠬᠠᠳᠠ︾ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠶᠣᠰᠣᠭᠠᠷ | ᠴᠢᠳᠠᠮᠠᠭᠠᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠤᠯᠢ ᠴᠠᠭᠠᠵᠠ ᠶᠢᠨ ᠬᠢᠨᠠᠯᠲᠠ ᠶᠢ ᠴᠢᠩᠭᠠᠳᠬᠠᠵᠤ | ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤ ᠤᠯᠠᠭᠠᠨᠬᠠᠳᠠ ᠶᠢᠨ ᠬᠠᠷᠢᠭᠤᠯᠲᠠ ᠶᠢᠨ | ᠬᠠᠭᠤᠳᠠᠰᠤ ᠶᠢ ᠰᠠᠶᠢᠲᠤᠷ ᠲᠤᠰᠢᠶᠠᠬᠤ ᠳᠤ ᠤᠯᠤᠰ ᠲᠦᠷᠦ ᠬᠠᠤᠯᠢ ᠴᠠᠭᠠᠵᠠ ᠶᠢᠨ ᠬᠦᠴᠦᠨ ᠴᠢᠳᠠᠯ ᠢᠶᠠᠨ ᠡᠷᠭᠦᠬᠦ | ᠬᠡᠷᠡᠭᠲᠡᠢ ᠭᠡᠵᠦ ᠤᠯᠠᠨ ᠢ ᠵᠣᠷᠢᠭᠵᠢᠭᠤᠯᠪᠠ᠃ |