ᠰᠦᠩᠱᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠴᠠᠭᠠᠨ ᠰᠠᠷ᠎ᠠ ᠶᠢᠨ ᠬᠤᠭᠤᠴᠠᠭᠠᠨ ᠳᠠᠬᠢ ᠪᠠᠷᠢᠯᠭ᠎ᠠ ᠶᠢᠨ ᠭᠠᠵᠠᠷ ᠤᠨ ᠠᠶᠤᠯᠭᠦᠢ ᠦᠢᠯᠡᠳᠪᠦᠷᠢᠯᠡᠯ ᠳᠤ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2023/1/13
      ᠴᠠᠭᠠᠨ ᠰᠠᠷ᠎ᠠ ᠶᠢᠨ ᠬᠤᠭᠤᠴᠠᠭᠠᠨ ᠳᠠᠬᠢ ᠡᠯ᠎ᠡ ᠲᠦᠷᠦᠯ ᠤᠨ ᠪᠠᠷᠢᠯᠭ᠎ᠠ ᠶᠢᠨ ᠲᠦᠷᠦᠯ ᠵᠦᠢᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠢ ᠪᠦᠲᠦᠮᠵᠢᠲᠡᠢ ᠰᠡᠷᠭᠡᠶᠢᠯᠡᠬᠦ ᠶᠢᠨ ᠲᠥᠯᠥᠭᠡ᠂ 1 ᠰᠠᠷ᠎ᠠ ᠶᠢᠨ 11 ᠤ ᠡᠳᠦᠷ ᠠᠴᠠ ᠡᠬᠢᠯᠡᠵᠦ᠂ ᠰᠦᠩᠱᠠᠨ ᠲᠣᠭᠤᠷᠢᠭ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠬᠡᠨ ᠪᠠᠶᠢᠭᠤᠯᠤᠯᠲᠠ ᠶᠢᠨ ᠲᠣᠪᠴᠢᠶ᠎ᠠ ᠬᠤᠯᠪᠣᠭᠳᠠᠯ ᠪᠦᠬᠦᠢ ᠬᠥᠮᠦᠰ ᠢ ᠵᠣᠬᠢᠶᠠᠨ ᠪᠠᠶᠢᠭᠤᠯᠵᠤ ᠰᠢ ᠪᠦᠸᠧ ᠶᠢᠨ ᠰᠠᠭᠤᠭᠳᠠᠯ᠂ ᠪᠠᠷᠠᠭᠤᠨ ᠠᠭᠤᠯᠠᠨ ᠤ ᠦᠷ᠎ᠡ ᠪᠤᠶᠢᠵᠢᠭᠤᠯᠬᠤ ᠰᠠᠭᠤᠷᠢᠨ ᠵᠡᠷᠭᠡ ᠲᠦᠷᠦᠯ ᠵᠦᠢᠯ ᠤᠨ ᠪᠠᠷᠢᠯᠭ᠎ᠠ ᠶᠢᠨ ᠭᠠᠵᠠᠷ ᠲᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠪᠡ᠃      ᠪᠠᠶᠢᠴᠠᠭᠠᠬᠤ ᠠᠵᠢᠯᠲᠠᠳ ᠠᠵᠢᠯ ᠵᠣᠭᠰᠣᠭᠰᠠᠨ ᠬᠤᠭᠤᠴᠠᠭᠠᠨ ᠳᠠᠬᠢ ᠬᠥᠮᠦᠰ ᠤᠨ ᠵᠢᠵᠢᠭᠦᠷᠯᠡᠨ ᠰᠠᠬᠢᠬᠤ ᠲᠦᠷᠢᠮ ᠢ ᠨᠠᠶᠢᠳᠠᠪᠤᠷᠢᠵᠢᠭᠤᠯᠤᠭᠰᠠᠨ᠂ ᠠᠮᠤᠷ ᠲᠦᠪᠰᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠶᠢ ᠪᠠᠶᠢᠷᠢᠯᠠᠭᠤᠯᠤᠭᠰᠠᠨ᠂ ᠲᠤᠬᠠᠶ ᠶᠢᠨ ᠲᠠᠯᠠᠪᠤᠷ ᠤᠨ ᠨᠣᠴᠣᠮᠠᠲᠠᠭᠠᠶ ᠳᠡᠯᠪᠡᠷᠡᠮᠡᠲᠡᠭᠡᠶ ᠮᠠᠲ᠋ᠧᠷᠢᠶᠠᠯ ᠢ ᠣᠪᠣᠭᠠᠯᠠᠨ ᠲᠠᠯᠪᠢᠭᠰᠠᠨ ᠵᠢᠴᠢ ᠵᠢᠵᠢᠭᠦᠷᠯᠡᠨ ᠰᠠᠬᠢᠭᠴᠢ ᠶᠢᠨ ᠪᠠᠶᠢᠷᠢ ᠶᠢᠨ ᠭᠠᠯ ᠢ ᠰᠡᠷᠭᠡᠶᠢᠯᠡᠵᠦ ᠬᠤᠤᠷᠳᠠᠭᠳᠠᠬᠤ ᠶᠢ ᠰᠡᠷᠭᠡᠶᠢᠯᠡᠭᠰᠡᠨ ᠪᠠᠶᠢᠳᠠᠯ ᠳᠤ ᠭᠤᠤᠯᠳᠠᠯᠭ᠎ᠠ ᠲᠠᠢ ᠪᠠᠷ ᠪᠠᠶᠢᠴᠠᠭᠠᠯᠲᠠ ᠬᠢᠭᠰᠡᠨ ᠪᠥᠭᠡᠳ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠭᠤᠤᠯ ᠴᠣᠭᠴᠠ ᠳᠤ ᠠᠵᠢᠯ ᠵᠣᠭᠰᠣᠭᠰᠠᠨ ᠬᠤᠭᠤᠴᠠᠭᠠᠨ ᠳᠠᠬᠢ ᠠᠮᠤᠷ ᠲᠦᠪᠰᠢᠨ ᠤ ᠬᠠᠮᠠᠭᠠᠯᠠᠯᠲᠠ ᠶᠢᠨ ᠭᠤᠤᠯᠳᠠᠯᠭ᠎ᠠ ᠶᠢ ᠴᠢᠬᠤᠯᠠᠴᠢᠯᠠᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠪᠠᠷᠢᠯᠭ᠎ᠠ ᠶᠢᠨ ᠲᠤᠬᠠᠶ ᠶᠢᠨ ᠭᠠᠵᠠᠷ ᠲᠤ ᠠᠮᠠᠷᠬᠠᠨ ᠭᠠᠯ ᠤᠨ ᠠᠶᠤᠯ ᠭᠠᠷᠬᠤ᠂ ᠬᠤᠤᠷᠳᠠᠭᠳᠠᠬᠤ ᠪᠠ ᠥᠨᠳᠥᠷ ᠭᠠᠵᠠᠷ ᠠᠴᠠ ᠤᠨᠠᠬᠤ ᠵᠡᠷᠭᠡ ᠠᠳᠡᠯ ᠭᠠᠷᠬᠤ ᠠᠰᠠᠭᠤᠳᠠᠯ ᠳᠤ ᠴᠢᠭᠯᠡᠭᠦᠯᠦᠨ᠂ ᠰᠦᠩᠱᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠪᠥᠬᠦ ᠲᠣᠭᠤᠷᠢᠭ ᠤᠨ ᠡᠯ᠎ᠡ ᠪᠠᠷᠢᠯᠭ᠎ᠠ ᠶᠢᠨ ᠲᠦᠷᠦᠯ ᠵᠦᠢᠯ ᠤᠨ ᠬᠡᠪᠴᠢᠶ᠎ᠡ ᠶᠢ ᠪᠦᠬᠦᠨ ᠢ ᠬᠠᠮᠤᠷᠴᠤ᠂ ᠥᠨᠴᠥᠭ ᠪᠤᠯᠤᠩ ᠦᠯᠡᠳᠡᠭᠡᠬᠦ ᠥᠬᠡᠶ ᠪᠠᠶᠢᠴᠠᠭᠠᠪᠠ︔ ᠲᠣᠪᠤᠶᠢᠮ᠎ᠠ ᠠᠰᠠᠭᠤᠳᠠᠯ ᠪᠠ ᠬᠦᠨᠳᠦ ᠶᠡᠭᠡ ᠬᠡᠮ ᠰᠣᠭᠤᠭ ᠢ ᠲᠡᠮᠳᠡᠭᠯᠡᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠨ᠂ ᠬᠡᠮ ᠰᠣᠭᠤᠭ ᠢ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠵᠤ ᠠᠷᠢᠯᠭᠠᠬᠤ ᠶᠢ ᠦᠨᠡᠨ ᠬᠦ ᠪᠠᠲᠤᠯᠠᠪᠠ︔ ᠪᠠᠷᠢᠯᠭ᠎ᠠ ᠶᠢᠨ ᠲᠥᠷᠥᠯ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠠᠰᠠᠭᠤᠳᠠᠯ ᠨᠡᠯᠢᠶᠡᠳ ᠣᠯᠠᠨ᠂ ᠳᠠᠯᠳᠠ ᠬᠡᠮ ᠬᠦᠨᠳᠦ ᠨᠣᠴᠢᠲᠠᠶ ᠪᠠ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠢᠨᠵᠧᠨᠧᠷᠢᠩ ᠤᠨ ᠲᠥᠷᠥᠯ ᠵᠦᠢᠯ ᠢ ᠬᠠᠤᠯᠢ ᠶᠣᠰᠣᠭᠠᠷ ᠰᠢᠳᠬᠡᠨ ᠲᠣᠷᠭᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠪᠥᠬᠦ ᠲᠣᠭᠤᠷᠢᠭ ᠤᠨ ᠪᠠᠷᠢᠯᠭ᠎ᠠ ᠶᠢᠨ ᠲᠥᠷᠥᠯ  ᠵᠦᠢᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号