ᠰᠦᠩᠱᠠᠨ ᠲᠣᠭᠤᠷᠢᠭ ᠤᠨ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠪᠠᠶᠠᠷ ᠤᠨ ᠡᠳᠦᠷ ᠤᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ ᠰᠦᠩᠱᠠᠨ ᠲᠣᠭᠤᠷᠢᠭ ᠤᠨ ᠵᠠᠰᠠᠭ ᠤᠨ ᠣᠷᠳᠣᠨ 300 ᠲᠦᠮᠡᠨ ᠲᠥᠭᠦᠷᠢᠭ ᠤᠨ ᠪᠠᠯᠠ ᠣᠷᠣᠭᠤᠯᠵᠤ ᠡᠯᠧᠺᠲᠷᠣᠨ ᠬᠡᠷᠡᠭᠯᠡᠭᠡᠨ ᠤ ᠲᠡᠮᠳᠡᠭᠲᠦ ᠲᠠᠷᠬᠠᠭᠠᠪᠠ
ᠨᠡᠶᠢᠲᠡᠯᠡᠭᠰᠡᠨ ᠴᠠᠭ᠄
2023/1/13
     ᠰᠦᠩᠱᠠᠨ ᠲᠣᠭᠤᠷᠢᠭ ᠤᠨ ᠡᠳ᠋ ᠤᠨ ᠵᠠᠰᠠᠭ ᠠᠴᠠ 300 ᠲᠦᠮᠡᠨ ᠲᠥᠭᠦᠷᠢᠭ ᠤᠨ ᠪᠡᠯᠡ ᠮᠥᠩᠭᠦ ᠭᠠᠷᠭᠠᠵᠤ ︽ᠤᠯᠠᠭᠠᠨᠬᠠᠳᠠ ᠬᠤᠲᠠ ᠶᠢᠨ ᠴᠠᠭᠠᠨ ᠰᠠᠷ᠎ᠠ ᠶᠢ ᠤᠭᠲᠤᠬᠤ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠠᠵᠢᠯᠯᠠᠭ᠎ᠠ︾ ᠳᠤ ᠢᠳᠡᠪᠬᠢᠲᠡᠶ ᠤᠷᠤᠯᠴᠠᠪᠠ᠃ ᠲᠣᠰ ᠠᠵᠢᠯᠯᠠᠭ᠎ᠠ ᠶᠢ 2023 ᠣᠨ ᠤ 1 ᠰᠠᠷ᠎ᠠ ᠶᠢᠨ 14 ᠤ ᠡᠳᠦᠷ ᠠᠴᠠ 2023 ᠣᠨ ᠤ 2 ᠰᠠᠷ᠎ᠠ ᠶᠢᠨ 20 ᠤ ᠡᠳᠦᠷ ᠪᠣᠯᠲᠠᠯ᠎ᠠ ᠡᠭᠡᠯᠵᠢᠯᠡᠨ ᠲᠠᠷᠬᠠᠭᠠᠵᠤ ᠂ ᠬᠡᠷᠡᠭᠯᠡᠭᠡᠨ ᠤ ᠲᠡᠮᠳᠡᠭᠲᠦ ᠶᠢᠨ ᠬᠡᠷᠡᠭᠯᠡᠭᠳᠡᠬᠦ ᠬᠡᠪᠴᠢᠶ᠎ᠡ ᠨᠢ ᠥᠷᠭᠡᠨ ᠣᠯᠠᠨ ᠬᠤᠲᠠ ᠶᠢᠨ ᠠᠷᠠᠳ ᠲᠦᠮᠡᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠢᠳᠡᠭᠡᠨ ᠤᠮᠳᠠᠭᠠᠨ᠂ ᠬᠡᠷ ᠤᠨ ᠴᠠᠬᠢᠯᠭᠠᠨ ᠬᠡᠷᠡᠭᠰᠡᠯ ᠵᠡᠷᠭᠡ ᠭᠤᠤᠯᠳᠠᠯᠭ᠎ᠠ ᠲᠠᠢ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠠᠵᠤ ᠠᠬᠤᠶᠢᠯᠠᠯ ᠪᠣᠯᠤᠨ᠎ᠠ᠃       ᠣᠲᠣ ᠪᠣᠯᠲᠠᠯ᠎ᠠ᠂ ᠰᠦᠩᠱᠠᠨ ᠲᠣᠭᠤᠷᠢᠭ ᠤᠨ 1080 ᠠᠵᠤ ᠠᠬᠤᠶᠢᠯᠠᠯ ᠲᠣᠰ ᠠᠵᠢᠯᠯᠠᠭ᠎ᠠ ᠳᠤ ᠣᠷᠣᠯᠴᠠᠵᠠᠶ᠃ ᠣᠷᠣᠯᠴᠠᠬᠤ ᠡᠲᠡᠭᠡᠳ ᠨᠢ ᠶᠦᠨ ᠱᠠᠨ ᠹᠦ᠋ APP ᠪᠠᠷ ᠳᠠᠮᠵᠢᠭᠤᠯᠤᠨ ᠡᠯᠧᠺᠲᠷᠣᠨ ᠬᠡᠷᠡᠭᠯᠡᠭᠡᠨ ᠤ ᠲᠡᠮᠳᠡᠭᠲᠦ ᠪᠤᠯᠢᠶᠠᠯᠳᠤᠬᠤ ᠳᠤ ᠣᠷᠣᠯᠴᠠᠵᠤ ᠪᠣᠯᠤᠨ᠎ᠠ᠂ ᠡᠯᠧᠺᠲᠷᠣᠨ ᠬᠡᠷᠡᠭᠯᠡᠭᠡᠨ ᠤ ᠲᠡᠮᠳᠡᠭᠲᠦ ᠪᠤᠯᠢᠶᠠᠯᠳᠤᠭᠠᠳ ᠠᠮᠵᠢᠯᠲᠠ ᠣᠯᠤᠭᠰᠠᠨ ᠤ ᠳᠠᠷᠠᠭ᠎ᠠ᠂ ᠬᠡᠷᠡᠭᠯᠡᠭᠡᠨ ᠤ ᠲᠡᠮᠳᠡᠭᠲᠦ ᠶᠢ ᠣᠷᠣᠯᠴᠠᠬᠤ ᠡᠲᠡᠭᠡᠳ ᠤᠨ ᠬᠤᠪᠢ ᠬᠥᠮᠦᠨ ᠤ ᠳᠠᠩᠰᠠᠨ ᠨᠣᠮᠧᠷ ᠲᠤ ᠴᠠᠭ ᠲᠤᠬᠠᠶ ᠳᠤᠨᠢ ᠬᠠᠳᠠᠭᠠᠯᠠᠵᠤ ᠣᠷᠣᠭᠤᠯᠤᠨ᠎ᠠ᠃ ᠡᠭᠦᠨ ᠠᠴᠠ ᠭᠠᠳᠠᠨ᠎ᠠ ᠰᠦᠩᠱᠠᠨ ᠲᠣᠭᠤᠷᠢᠭ ᠤᠨ ᠡᠯ᠎ᠡ ᠲᠣᠮᠣ ᠬᠤᠳᠠᠯᠳᠤᠭᠠᠨ ᠤ ᠬᠡᠲᠦ ᠳᠡᠯᠭᠡᠭᠦᠷ ᠴᠦ ᠬᠡᠷᠡᠭᠯᠡᠭᠡᠨ ᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ 8 ᠲᠣᠮᠣ ᠬᠡᠯᠪᠡᠷᠢ ᠶᠢᠨ ᠬᠡᠲᠦ ᠳᠡᠯᠭᠡᠭᠦᠷ ᠴᠠᠭᠠᠨ ᠰᠠᠷ᠎ᠠ ᠶᠢᠨ ᠪᠠᠷᠠᠭᠠᠨ ᠤ ᠣᠨᠴᠠ ᠦᠨ᠎ᠡ ᠶᠢᠨ ᠠᠵᠢᠯᠯᠠᠭ᠎ᠠ ᠥᠷᠨᠢᠭᠦᠯᠵᠦ᠂ ᠰᠢᠨ ᠲᠢᠶᠠᠨ ᠳ᠋ᠢ ᠲᠠᠯᠠᠪᠠᠶ ᠵᠡᠷᠭᠡ ᠬᠤᠳᠠᠯᠳᠤᠭᠠᠨ ᠤ ᠳᠡᠯᠭᠡᠭᠦᠷ ᠴᠠᠭᠠᠨ ᠰᠠᠷ᠎ᠠ ᠶᠢᠨ ᠪᠠᠷᠠᠭᠠᠨ ᠤ ᠣᠷᠣᠨ ᠪᠦᠰᠡ ᠨᠡᠭᠡᠭᠡᠨ᠂ ᠪᠠᠶᠠᠷ ᠤᠨ ᠡᠳᠦᠷ ᠤᠨ ᠪᠣᠷᠣᠯᠠᠭᠤᠯᠭ᠎ᠠ ᠶᠢ ᠠᠬᠢᠭᠤᠯᠬᠤ ᠠᠭᠤᠷ ᠠᠮᠢᠰᠬᠤᠯ ᠢ ᠤᠯᠠᠮ ᠨᠢᠭᠡ ᠠᠯᠬᠤᠮ ᠳᠣᠪᠤᠶᠢᠯᠭᠠᠵᠠᠶ᠃       ᠪᠠᠶᠠᠷ ᠤᠨ ᠡᠳᠦᠷ ᠤᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ᠂ ᠪᠠᠷᠠᠭᠠᠨ ᠤ ᠦᠨ᠎ᠡ ᠲᠣᠭᠲᠠᠭᠤᠨ ᠪᠠᠶᠢᠬᠤ ᠶᠢ ᠤᠯᠠᠮ ᠨᠢᠭᠡ ᠠᠯᠬᠤᠮ ᠪᠠᠲᠤᠯᠠᠬᠤ ᠶᠢᠨ ᠲᠥᠯᠥᠭᠡ᠂ ᠰᠦᠩᠱᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠲᠤᠰᠬᠠᠶ ᠬᠥᠮᠦᠨ ᠲᠣᠮᠢᠯᠠᠨ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠬᠥᠮᠥᠷᠭᠡ ᠶᠢᠨ ᠬᠠᠳᠠᠭᠠᠯᠠᠯᠲᠠ ᠵᠢᠴᠢ ᠦᠨ᠎ᠡ ᠬᠠᠩᠰᠢ ᠳᠤ ᠲᠣᠬᠢᠷᠠᠭᠤᠯᠤᠯᠲᠠ ᠬᠢᠵᠦ᠂ ᠬᠠᠳᠠᠭᠠᠯᠠᠭᠳᠠᠴᠠ ᠶᠢᠨ ᠬᠡᠮᠵᠢᠶ᠎ᠡ ᠨᠢ ᠰᠠᠭᠤᠭᠠᠯᠢ ᠠᠷᠠᠳ ᠤᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠵᠤ᠂ ᠦᠨ᠎ᠡ ᠬᠠᠩᠰᠢ ᠨᠢ ᠲᠤᠭᠲᠠᠪᠤᠷᠢᠲᠠᠢ ᠪᠠᠶᠢᠬᠤ ᠶᠢ ᠪᠠᠲᠤᠯᠠᠨ᠎ᠠ᠃ ᠰᠦᠩᠱᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠠᠵᠤ ᠠᠬᠤᠶᠢᠯᠠᠯ ᠳᠤ ᠰᠠᠭᠤᠭ᠎ᠠ ᠠᠵᠢᠯᠲᠠᠳ ᠬᠤᠯᠪᠣᠭᠳᠠᠯ ᠪᠥᠬᠦᠶ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠨ ᠠᠵᠤ ᠠᠬᠤᠶᠢᠯᠠᠯ ᠳᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠵᠦ᠂ ᠠᠵᠤ ᠠᠬᠤᠶᠢᠯᠠᠯ ᠤᠨ ᠲᠣᠭᠲᠠᠭᠠᠯ ᠠᠴᠠ ᠵᠥᠷᠢᠴᠡᠨ ᠦᠨ᠎ᠡ ᠥᠰᠬᠡᠬᠦ᠂ ᠬᠤᠭᠤᠴᠠᠭ᠎ᠠ ᠥᠩᠭᠡᠷᠡᠭᠰᠡᠨ ᠦᠢᠯᠡᠳᠬᠦᠨ ᠢᠶᠠᠨ ᠬᠤᠳᠠᠯᠳᠤᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ᠎ᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号