ᠬᠤᠳᠠ ᠶᠢᠨ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠵᠠᠩ ᠶᠠᠨ ᠪᠦᠯᠬᠦᠮ ᠳᠠᠭᠠᠭᠤᠯᠤᠨ ᠰᠦᠩᠱᠠᠨ ᠲᠣᠭᠤᠷᠢᠭ ᠲᠤ ᠬᠦᠷᠴᠦ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠪᠠᠶᠢᠴᠠᠭᠠᠨ ᠰᠤᠳᠤᠯᠤᠯᠲᠠ ᠬᠢᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/1/17
      1 ᠰᠠᠷ᠎ᠠ ᠶᠢᠨ 12 ᠤᠨ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠵᠠᠩ ᠶᠠᠨ ᠪᠦᠯᠬᠦᠮ ᠳᠠᠭᠠᠭᠤᠯᠤᠨ ᠰᠦᠩᠱᠠᠨ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠲᠣᠬᠤᠨᠢᠭᠤᠯᠵᠤ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠦᠨᠳᠦᠰᠦᠨ ᠱᠠᠲᠤᠨ ᠤ ᠡᠮᠡᠭᠲᠡᠶᠢᠴᠦᠳ ᠪᠠ ᠡᠮᠡᠭᠲᠡᠶᠢᠴᠦᠳ ᠤᠨ ᠬᠤᠯᠪᠣᠭ᠎ᠠ ᠶᠢᠨ ᠺᠠᠳ᠋ᠷᠴᠤᠳ ᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠴᠠᠭᠠᠨ ᠰᠠᠷ᠎ᠠ ᠶᠢᠨ ᠲᠣᠬᠤᠨᠢᠭᠤᠯᠤᠯ ᠢ ᠥᠷᠨᠢᠭᠦᠯᠦᠭᠰᠡᠨ ᠪᠥᠭᠡᠳ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠹᠦ᠋ ᠴᠢᠶᠠᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ ᠵᠠᠩ ᠶᠠᠨ ᠨᠠᠷ ᠰᠦᠩᠱᠠᠨ ᠲᠣᠭᠤᠷᠢᠭ ᠤᠨ ᠭᠡᠷ ᠤᠨ ᠰᠤᠷᠲᠠᠯ ᠭᠡᠷ ᠤᠨ ᠰᠤᠷᠭᠠᠯ ᠤᠨ ᠦᠢᠯᠡᠳᠦᠯᠭᠡ ᠶᠢᠨ ᠰᠠᠭᠤᠷᠢᠨ ᠭᠠᠵᠠᠷ᠂ ᠵᠢᠩ ᠲᠠᠢ ᠯᠠᠨ ᠪᠣᠳᠠᠲᠤ ᠪᠣᠯᠪᠠᠰᠤᠷᠠᠯ ᠤᠨ ᠰᠠᠭᠤᠷᠢᠨ ᠭᠠᠵᠠᠷ᠂ ᠤᠷᠤᠭ ᠤᠨ ᠶᠠᠪᠤᠳᠠᠯ ᠢ ᠡᠶᠡᠳᠡᠭᠦᠯᠬᠦ ᠺᠣᠮᠢᠰ ᠲᠤ ᠭᠦᠨᠵᠡᠭᠡᠶᠢᠷᠡᠵᠦ᠂ ᠡᠮᠡᠭᠲᠡᠶᠢᠴᠦᠳ ᠤᠨ ᠬᠡᠷ ᠪᠦᠯᠢ ᠶᠢᠨ ᠪᠣᠯᠪᠠᠰᠤᠨ ᠤ ᠪᠠᠶᠢᠭᠤᠯᠤᠯᠲᠠ᠂ ᠠᠮᠢᠳᠤᠯᠢᠭ ᠢᠶᠠᠷ ᠠᠵᠢᠯ ᠤᠯᠬᠤ᠂ ᠤᠷᠤᠭ ᠤᠨ ᠶᠠᠪᠤᠳᠠᠯ ᠢ ᠡᠶᠡᠳᠡᠭᠦᠯᠬᠦ ᠦᠢᠯᠡᠴᠢᠯᠡᠭᠡ ᠳᠤᠮᠳᠠ ᠦᠵᠡᠭᠦᠯᠦᠭᠰᠡᠨ ᠴᠢᠬᠤᠯᠠ ᠦᠢᠯᠡᠳᠦᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠦᠨᠳᠦᠰᠦᠨ ᠱᠠᠲᠤᠨ ᠤ ᠡᠮᠡᠭᠲᠡᠶᠢᠴᠦᠳ ᠪᠠ ᠡᠮᠡᠭᠲᠡᠶᠢᠴᠦᠳ ᠤᠨ ᠬᠤᠯᠪᠣᠭ᠎ᠠ ᠶᠢᠨ ᠺᠠᠳ᠋ᠷᠴᠤᠳ ᠲᠠᠢ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ ᠨᠡᠶᠢᠭᠡᠮ ᠤᠨ ᠬᠤᠪᠢᠰᠤᠯᠲᠠ ᠪᠠ ᠰᠠᠶᠢᠨ ᠰᠠᠶᠢᠬᠠᠨ ᠠᠮᠢᠳᠤᠷᠠᠯ ᠤᠨ ᠬᠤᠪᠢᠷᠠᠯᠲᠠ ᠶᠢ ᠬᠠᠮᠲᠤᠪᠠᠷ ᠶᠠᠷᠢᠯᠴᠠᠵᠤ᠂ ᠡᠮᠡᠭᠲᠡᠶᠢᠴᠦᠳ ᠤᠨ ᠬᠤᠯᠪᠣᠭ᠎ᠠ ᠶᠢᠨ ᠥᠭᠡᠷᠡᠴᠢᠯᠡᠯᠲᠡ ᠶᠢᠨ ᠣᠳᠣᠬᠢ ᠪᠠᠶᠢᠳᠠᠯ ᠤᠨ ᠠᠰᠠᠭᠤᠳᠠᠯ ᠢ ᠨᠠᠷᠢᠨ ᠣᠶᠢᠯᠠᠭᠠᠵᠤ᠂ ᠰᠠᠨᠠᠯ ᠰᠠᠨᠠᠭᠤᠯᠭ᠎ᠠ ᠶᠢ ᠰᠤᠨᠤᠰᠪᠠ︔ ᠠᠬᠠᠮᠠᠳ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠺᠠᠳ᠋ᠷ᠂ ᠶᠠᠳᠠᠭᠤ ᠬᠦᠴᠢᠷᠳᠡᠯᠲᠡᠢ ᠡᠮᠡᠭᠲᠡᠶᠢᠴᠦᠳ ᠢ ᠪᠣᠯᠭᠤᠭᠠᠨ ᠲᠣᠬᠤᠨᠢᠭᠤᠯᠵᠤ᠂ ᠲᠡᠳᠡᠨ ᠤ ᠪᠡᠶ᠎ᠡ ᠶᠢᠨ ᠪᠠᠶᠢᠳᠠᠯ ᠪᠣᠯᠤᠨ ᠭᠡᠷ ᠪᠦᠯᠢ ᠶᠢᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠲᠡᠳᠡᠨ ᠳᠤ ᠲᠣᠬᠤᠨᠢᠭᠤᠯᠬᠤ ᠪᠣᠳᠠᠰ ᠪᠣᠯᠤᠨ ᠰᠢᠨ᠎ᠡ ᠵᠢᠯ ᠤᠨ ᠵᠥᠩᠨᠡᠯ ᠬᠦᠷᠭᠡᠬᠦ ᠶᠢᠨ ᠬᠠᠮᠲᠤ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠺᠠᠳ᠋ᠷᠴᠤᠳ ᠲᠤ ᠡᠩ ᠤᠨ ᠦᠶ᠎ᠡ ᠳᠤ ᠬᠦᠴᠢᠷᠳᠡᠯᠲᠡᠢ ᠤᠯᠠᠨ ᠲᠦᠮᠡᠨ ᠳᠤ ᠨᠡᠩ ᠤᠯᠠᠨ ᠬᠠᠯᠠᠮᠵᠢᠯᠠᠯ ᠬᠠᠶᠢᠷ᠎ᠠ ᠬᠠᠯᠠᠮᠵᠢ ᠬᠦᠷᠲᠡᠭᠡᠵᠦ᠂ ᠲᠡᠳᠡᠨ ᠤ ᠪᠣᠳᠠᠲᠠᠢ ᠬᠦᠴᠢᠷᠳᠡᠯ ᠢ ᠤᠢᠢᠯᠠᠭᠠᠨ ᠰᠢᠢᠳᠪᠦᠷᠢᠯᠡᠵᠦ᠂ ᠲᠡᠳᠡᠨ ᠢ ᠬᠠᠪᠰᠤᠷᠤᠨ ᠡᠷᠲᠡᠬᠡᠨ ᠬᠦᠴᠢᠷ ᠢ ᠲᠤᠭᠤᠯᠤᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠡᠮᠡᠭᠲᠡᠶᠢᠴᠦᠳ ᠤᠨ ᠬᠠᠷᠢᠭᠤᠴᠠᠯᠭ᠎ᠠ ᠡᠭᠦᠷᠭᠡᠯᠡᠬᠦ ᠶᠢ ᠢᠯᠡᠷᠡᠭᠦᠯᠬᠦ ᠬᠡᠷᠡᠭᠲᠡᠢ ᠭᠡᠵᠦ ᠵᠠᠬᠢᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号