ᠰᠠᠨᠠᠯ ᠳᠤᠷᠠᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠨ᠎ᠠ︕ ᠰᠦᠩᠱᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠳᠠᠯ ᠠᠬᠤᠶ ᠶᠢᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2023/1/30
      ᠣᠶᠢᠷ᠎ᠠ ᠶᠢᠨ ᠵᠢᠯ ᠤᠳ ᠲᠤ᠂ ᠰᠦᠩᠱᠠᠨ ᠲᠣᠭᠤᠷᠢᠭ ᠠᠳᠠᠯ ᠠᠬᠤᠶ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠦᠢᠯᠡᠴᠢᠯᠡᠭᠡᠨ ᠤ ᠬᠢᠷᠢ ᠲᠦᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠤ ᠬᠦᠰᠡᠨ ᠡᠷᠡᠮᠡᠯᠵᠡᠵᠦ ᠪᠠᠶᠢᠭ᠎ᠠ ᠵᠢᠷᠤᠮᠵᠢᠭᠰᠠᠨ᠂ ᠡᠮᠬᠢ ᠵᠢᠷᠤᠮ ᠲᠠᠢ ᠠᠳᠠᠯ ᠠᠬᠤᠶ ᠶᠢᠨ ᠦᠢᠯᠡᠴᠢᠯᠡᠭᠡᠨ ᠤ ᠣᠷᠴᠢᠨ ᠨᠥᠬᠦᠴᠡᠯ ᠢ ᠪᠦᠷᠢᠯᠳᠦᠭᠦᠯᠪᠡ᠃ ᠭᠡᠪᠡᠴᠦ ᠠᠳᠠᠯ ᠠᠬᠤᠶ ᠶᠢᠨ ᠦᠢᠯᠡᠴᠢᠯᠡᠭᠡᠨ ᠤ ᠬᠢᠷᠢ ᠲᠦᠪᠰᠢᠨ ᠨᠢ ᠠᠳᠠᠯᠢ ᠥᠬᠡᠶ ᠪᠠᠶᠢᠵᠤ᠂ ᠢᠯᠠᠩᠭᠤᠶ᠎ᠠ ᠬᠠᠭᠤᠴᠢᠨ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢ ᠪᠣᠳᠠᠲᠠᠶᠢᠵᠢᠭᠤᠯᠤᠭᠰᠠᠨ ᠥᠬᠡᠶ ᠵᠡᠷᠭᠡ ᠪᠠᠶᠢᠳᠠᠯ ᠮᠥᠨ ᠬᠦ ᠣᠷᠣᠰᠢᠵᠤ ᠪᠠᠶᠢᠨ᠎ᠠ᠃ ᠡᠭᠦᠨ ᠤ ᠲᠤᠯᠠᠳᠠ᠂ ᠰᠦᠩᠱᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠢᠶᠠ ᠰᠢᠶᠤᠤ  ᠹᠧᠩ᠂ ᠵᠧᠨ ᠷᠦᠢ ᠰᠢᠤᠸᠠᠢ ︽ᠰᠦᠩᠱᠠᠨ ᠲᠣᠭᠤᠷᠢᠭ ᠤᠨ ᠬᠠᠭᠤᠴᠢᠨ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠰᠠᠨᠠᠭᠤᠯᠭ᠎ᠠ︾ ᠳᠤᠷᠠᠳᠪᠠ᠃      ᠵᠢᠶᠠ ᠰᠢᠶᠤᠤ ᠹᠧᠩ᠂ ᠵᠧᠨ ᠷᠦᠢ ᠰᠢᠤᠸᠠᠢ ᠶᠢᠨ ᠳᠤᠷᠠᠳᠤᠭᠰᠠᠨ ᠰᠠᠨᠠᠭᠤᠯᠭ᠎ᠠ ᠶᠢ ᠰᠠᠨᠠᠯ ᠳᠤᠷᠠᠳᠤᠯᠭ᠎ᠠ ᠶᠢ  ᠰᠢᠢᠳᠪᠦᠷᠢᠯᠡᠬᠦ ᠨᠢᠭᠡᠴᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠦᠩᠱᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠤᠷᠢᠳ ᠬᠤᠵᠢᠳ 3 ᠤᠳᠠᠭ᠎ᠠ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠣᠯᠤᠨ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠨᠥᠬᠦᠳ ᠢ ᠴᠤᠭᠯᠠᠭᠤᠯᠤᠨ ᠰᠠᠨᠠᠯ ᠳᠤᠷᠠᠳᠤᠯᠭ᠎ᠠ ᠶᠢᠨ ᠲᠤᠬᠠᠶ ᠰᠤᠳᠤᠯᠤᠨ ᠶᠠᠷᠢᠯᠴᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠪᠠ᠃ ᠦᠨᠳᠦᠰᠦᠨ ᠱᠠᠲᠤᠨ ᠤ ᠲᠤᠬᠠᠶ ᠶᠢᠨ ᠲᠠᠯᠠᠪᠤᠷ ᠲᠤ ᠭᠦᠨᠵᠡᠭᠡᠶᠢᠷᠡᠨ ᠨᠡᠪᠲᠡᠷᠡᠯᠴᠡᠭᠡ ᠪᠠ ᠰᠣᠯᠢᠯᠴᠠᠭ᠎ᠠ ᠬᠢᠵᠦ᠂ ᠬᠠᠭᠤᠴᠢᠨ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠣᠳᠣᠬᠢ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠢ ᠤᠶᠢᠯᠠᠭᠠᠨ ᠡᠵᠡᠮᠰᠢᠪᠡ᠃      ᠰᠠᠨᠠᠯ ᠳᠤᠷᠠᠳᠤᠯᠭ᠎ᠠ  ᠶᠢᠨ ︽ᠰᠦᠩᠱᠠᠨ ᠲᠣᠭᠤᠷᠢᠭ ᠤᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠠᠷᠭ᠎ᠠ︾ ᠶᠢ ᠲᠦᠷᠭᠡᠪᠴᠢᠯᠡᠨ ᠨᠡᠶᠢᠲᠡᠯᠡᠬᠦ ᠲᠤᠬᠠᠶ ᠰᠠᠨᠠᠭᠤᠯᠭ᠎ᠠ ᠳᠤ ᠴᠢᠭᠯᠡᠭᠦᠯᠦᠨ᠂ ᠰᠦᠩᠱᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ︽ᠭᠤᠷᠪᠠᠨ ᠠᠯᠬᠤᠮ ᠢᠶᠠᠷ ᠶᠠᠪᠤᠬᠤ︾ ᠠᠷᠭ᠎ᠠ ᠪᠣᠳᠣᠯᠭ᠎ᠠ ᠶᠢ ᠬᠡᠷᠡᠭᠵᠢᠭᠦᠯᠪᠡ᠃ ᠨᠢᠭᠡᠳᠦᠭᠡᠷ ᠠᠯᠬᠤᠮ ᠳᠤ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ  ᠳᠡᠭᠡᠭᠰᠢᠯᠡᠭᠦᠯᠪᠡ᠃ 2022 ᠣᠨ ᠳᠤ ᠰᠦᠩᠱᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠨᠡᠶᠢᠲᠡ 15 ᠰᠠᠭᠤᠭᠠᠯᠢ ᠲᠣᠭᠤᠷᠢᠭ ᠢ ᠰᠢᠨᠡᠳᠬᠡᠨ ᠥᠭᠡᠷᠡᠴᠢᠯᠡᠵᠦ᠂ ᠭᠤᠤᠯᠳᠠᠭᠤ ᠤᠰᠤ ᠬᠠᠩᠭᠠᠬᠤ᠂ ᠢᠯᠴᠢ ᠬᠠᠩᠭᠠᠬᠤ᠂ ᠤᠰᠤ ᠵᠠᠯᠠᠬᠤ ᠬᠤᠭᠤᠯᠠᠶ ᠶᠢᠨ ᠲᠣᠤᠷ ᠢ ᠰᠢᠨᠡᠳᠬᠡᠵᠦ᠂ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠲᠡᠭᠡ᠂ ᠰᠡᠯᠡᠭᠦᠴᠡᠯ ᠵᠤᠭ᠎ᠠ ᠴᠡᠩᠭᠡᠯ ᠤᠨ ᠲᠠᠯᠠᠪᠤᠷ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠠᠶ ᠵᠡᠷᠭᠡ ᠠᠮᠢᠳᠤᠷᠠᠯ ᠤᠨ ᠲᠠᠯᠠᠪᠤᠷ ᠪᠠ ᠲᠥᠬᠦᠭᠡᠷᠦᠮᠵᠢ ᠶᠢ ᠨᠡᠮᠡᠵᠦ ᠪᠠᠶᠢᠭᠤᠯᠪᠠ︔ ᠬᠤᠶᠠᠳᠤᠭᠠᠷ ᠠᠯᠬᠤᠮ ᠳᠤ ᠠᠳᠠᠯ ᠠᠬᠤᠶ ᠶᠢᠨ ᠬᠠᠮᠢᠶᠠᠷᠤᠯᠲᠠ ᠶᠢᠨ ᠣᠷᠣᠨ ᠪᠦᠰᠡ ᠶᠢ ᠡᠮᠬᠢᠯᠡᠨ ᠨᠡᠶᠢᠯᠡᠭᠦᠯᠵᠦ᠂ ᠠᠳᠠᠯ ᠠᠬᠤᠶ ᠶᠢᠨ ᠦᠢᠯᠡᠴᠢᠯᠡᠭᠡᠨ ᠤ ᠰᠢᠯᠢᠳᠡᠭ ᠠᠵᠤ ᠠᠬᠤᠶᠢᠯᠠᠯ ᠢ ᠣᠷᠣᠭᠤᠯᠤᠨ ᠠᠪᠴᠢᠷᠠᠪᠠ᠃ 2022 ᠣᠨ ᠳᠤ᠂ ᠰᠦᠩᠱᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠢ ᠬᠤᠲᠠ ᠶᠢᠨ ᠰᠢᠨᠡᠳᠬᠡᠬᠦ ᠲᠥᠷᠥ ᠶᠢᠨ ᠪᠣᠳᠣᠯᠭ᠎ᠠ ᠳᠤ ᠲᠦᠰᠢᠭᠯᠡᠨ᠂ ᠬᠤᠶᠠᠷ ᠬᠠᠭᠤᠴᠢᠨ ᠰᠠᠭᠤᠭᠠᠯᠢ ᠲᠣᠭᠤᠷᠢᠭ ᠤᠨ ᠰᠣᠳᠣᠨ ᠵᠢᠱᠢᠶ᠎ᠡ ᠦᠵᠡᠭᠦᠯᠬᠦ ᠲᠥᠷᠥᠯ ᠵᠦᠢᠯ ᠢ ᠪᠣᠶ ᠪᠣᠯᠭᠠᠪᠠ᠃ ᠵᠢᠱᠢᠶ᠎ᠡ ᠦᠵᠡᠭᠦᠯᠬᠦ ᠲᠥᠷᠥᠯ ᠵᠦᠢᠯ ᠢᠶᠠᠷ ᠬᠥᠲᠥᠯᠦᠨ ᠳᠠᠭᠠᠭᠤᠯᠬᠤ᠂ ᠠᠮᠵᠢᠯᠲᠠᠲᠠᠶ ᠲᠤᠷᠰᠢᠯᠭ᠎ᠠ ᠶᠢ ᠳᠡᠯᠭᠡᠷᠡᠭᠦᠯᠬᠦ ᠪᠠᠷ ᠳᠠᠮᠵᠢᠭᠤᠯᠤᠨ᠂ ᠰᠦᠩᠱᠠᠨ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠰᠢᠨ᠎ᠡ ᠵᠠᠭᠪᠤᠷ ᠢ ᠬᠦᠴᠦᠯᠡᠨ ᠪᠣᠶ ᠪᠤᠯᠭᠠᠪᠠ︔ ᠭᠤᠷᠪᠠᠳᠤᠭᠠᠷ ᠠᠯᠬᠤᠮ ᠳᠤ ᠠᠳᠠᠯ ᠠᠬᠤᠶ ᠶᠢᠨ ᠬᠠᠮᠢᠶᠠᠷᠤᠯᠲᠠ ᠶᠢ ᠳᠣᠷᠣᠭᠰᠢ ᠰᠢᠯᠵᠢᠭᠦᠯᠬᠦ ᠶᠢ ᠠᠬᠢᠭᠤᠯᠵᠤ᠂ ᠲᠣᠭᠲᠠᠴᠠ ᠶᠢᠨ ᠰᠢᠨ᠎ᠡ ᠶᠢ ᠡᠭᠦᠳᠬᠦ ᠶᠢ ᠢᠳᠡᠪᠬᠢᠲᠡᠶ  ᠰᠦᠪᠡᠭᠴᠢᠯᠡᠪᠡ ᠃ ᠤᠳᠤᠬᠠᠨ ᠳᠤ᠂ ᠰᠦᠩᠱᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠢᠭᠡᠨᠲᠡ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠬᠦᠷᠢᠶᠡᠨ ᠳᠠᠬᠢ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠲᠦᠷᠢᠮ︾ ᠤᠨ ᠱᠠᠭᠠᠷᠳᠠᠯᠭ᠎ᠠ ᠶᠣᠰᠣᠭᠠᠷ ᠬᠠᠮᠢᠶᠠᠷᠤᠯᠲᠠ ᠶᠢᠨ ᠡᠷᠬᠡ ᠮᠡᠳᠡᠯ ᠢ ᠳᠣᠷᠣᠭᠰᠢ ᠪᠠᠭᠤᠯᠭᠠᠭᠰᠠᠨ ᠪᠥᠭᠡᠳ ︽ᠰᠦᠩᠱᠠᠨ ᠲᠣᠭᠤᠷᠢᠭ ᠤᠨ ᠠᠳᠠᠯ ᠠᠬᠤᠶ ᠶᠢᠨ ᠬᠢᠨᠠᠯᠲᠠ ᠲᠠᠯᠪᠢᠯᠲᠠ ᠶᠢᠨ ᠵᠢᠯᠣᠭᠤᠳᠬᠤ ᠲᠦᠷᠢᠮ︾ ᠤᠨ ᠲᠤᠷᠰᠢᠨ ᠬᠡᠷᠡᠭᠵᠢᠭᠦᠯᠬᠦ ᠬᠡᠪᠯᠡᠯ ᠢ ᠨᠡᠶᠢᠲᠡᠯᠡᠵᠦ᠂ ᠠᠳᠠᠯ ᠠᠬᠤᠶ ᠶᠢᠨ ᠬᠠᠮᠢᠶᠠᠷᠤᠯᠲᠠ ᠶᠢᠨ ᠡᠯ᠎ᠡ ᠵᠠᠩᠭᠢᠯᠠᠭ᠎ᠠ ᠶᠢᠨ ᠪᠣᠳᠠᠲᠠᠶ ᠬᠢᠬᠦ ᠠᠷᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠭᠰᠠᠨ ᠪᠠᠶᠢᠨ᠎ᠠ᠃      ᠡᠭᠦᠨ ᠠᠴᠠ ᠭᠠᠳᠠᠨ᠎ᠠ᠂ ᠰᠦᠩᠱᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠢ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠵᠢᠴᠢ ᠠᠳᠠᠯ ᠠᠬᠤᠶ ᠶᠢᠨ ᠠᠵᠤ ᠠᠬᠤᠶᠢᠯᠠᠯ ᠤᠨ ᠣᠷᠣᠵᠤ ᠰᠠᠭᠤᠬᠤ ᠦᠢᠯᠡᠴᠢᠯᠡᠭᠡ ᠲᠠᠢ ᠰᠠᠭᠤᠭᠠᠯᠢ ᠲᠣᠭᠤᠷᠢᠭ ᠲᠤ ᠠᠵᠢᠯ ᠲᠥᠷᠥᠯ ᠤᠨ ᠵᠢᠯᠣᠭᠤᠳᠣᠯᠭ᠎ᠠ ᠪᠠ ᠠᠳᠠᠯ ᠠᠬᠤᠶ ᠶᠢᠨ ᠡᠳᠦᠷ ᠲᠤᠲᠤᠮ ᠤᠨ ᠦᠢᠯᠡᠴᠢᠯᠡᠭᠡᠨ ᠤ ᠦᠢᠯᠡ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠪᠠ︔ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠥᠮᠴᠢᠲᠡᠨ ᠤ ᠵᠥᠪᠯᠡᠯ ᠢ ᠵᠢᠷᠤᠮᠵᠢᠭᠤᠯᠤᠨ ᠪᠠᠶᠢᠭᠤᠯᠬᠤ ᠶᠢ ᠵᠢᠯᠤᠭᠤᠳᠪᠠ︔ ᠡᠮᠦᠨᠡᠬᠢ ᠬᠤᠭᠤᠴᠠᠭᠠᠨ ᠤ ᠠᠳᠠᠯ ᠠᠬᠤᠶ ᠶᠢᠨ ᠬᠡᠷ ᠪᠠᠶᠢᠰᠢᠩ ᠢ ᠪᠠᠶᠢᠴᠠᠭᠠᠨ ᠰᠢᠯᠭᠠᠬᠤ᠂ ᠥᠮᠴᠢᠲᠡᠨ ᠤ ᠨᠡᠶᠢᠲᠡ ᠶᠢᠨ ᠭᠡᠷ᠎ᠡ ᠵᠢᠴᠢ ᠡᠮᠦᠨᠡᠬᠢ ᠬᠤᠭᠤᠴᠠᠭᠠᠨ ᠤ ᠠᠳᠠᠯ ᠠᠬᠤᠶ ᠶᠢᠨ ᠦᠢᠯᠡᠴᠢᠯᠡᠭᠡᠨ ᠤ ᠭᠡᠷ᠎ᠡ ᠶᠢ ᠳᠠᠩᠰᠠᠯᠠᠬᠤ ᠠᠯᠬᠤᠮ ᠳᠠᠷᠠᠭ᠎ᠠ ᠶᠢᠨ ᠪᠤᠭᠤᠮᠲᠠ ᠶᠢ ᠴᠢᠩᠭ᠎ᠠ ᠠᠳᠬᠤᠪᠠ︔  ᠠᠳᠠᠯ ᠠᠬᠤᠶ ᠶᠢᠨ ᠦᠢᠯᠡᠴᠢᠯᠡᠭᠡᠨ ᠤ ᠲᠠᠰ ᠤᠨ ᠪᠠᠷᠢᠮᠵᠢᠶ᠎ᠠ᠂ ᠰᠦᠢᠳᠬᠡᠯ ᠬᠤᠷᠢᠶᠠᠬᠤ᠂ ᠦᠢᠯᠡᠴᠢᠯᠡᠭᠡᠨ ᠤ ᠰᠦᠢᠳᠬᠡᠯ ᠤᠨ ᠣᠷᠣᠯᠭ᠎ᠠ ᠵᠠᠷᠤᠯᠭ᠎ᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ  ᠢ ᠴᠢᠩᠭᠠᠳᠬᠠᠪᠠ︔ ᠠᠵᠢᠯ ᠲᠥᠷᠥᠯ ᠤᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠠᠵᠢᠯ ᠲᠥᠷᠥᠯ ᠤᠨ ᠲᠤᠰᠬᠠᠶ ᠮᠡᠷᠭᠡᠵᠢᠯ ᠤᠨ ᠣᠨᠣᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠠᠵᠢᠯ ᠲᠥᠷᠥᠯ ᠤᠨ ᠠᠵᠢᠯᠲᠠᠨ ᠤ ᠬᠡᠪ ᠴᠢᠨᠠᠷ ᠢ ᠳᠡᠭᠡᠭᠰᠢᠯᠡᠭᠦᠯᠦᠨ᠂ ᠠᠳᠠᠯ ᠠᠬᠤᠶ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢᠨ ᠳᠡᠭᠡᠭᠰᠢᠯᠡᠯᠲᠡ ᠶᠢ ᠴᠢᠩᠭᠠᠳᠬᠠᠪᠠ︔ ᠪᠠᠷᠢᠮᠵᠢᠶᠠᠲᠤ ᠠᠳᠠᠯ ᠠᠬᠤᠶ ᠶᠢᠨ ᠵᠢᠱᠢᠶ᠎ᠡ ᠦᠵᠡᠭᠦᠯᠬᠦ ᠰᠠᠭᠤᠭᠠᠯᠢ ᠲᠣᠭᠤᠷᠢᠭ ᠢ ᠡᠭᠦᠳᠦᠨ ᠪᠠᠶᠢᠭᠤᠯᠬᠤ ᠪᠠᠷ ᠳᠠᠮᠵᠢᠭᠤᠯᠤᠨ ᠦᠢᠯᠡᠴᠢᠯᠡᠭᠡᠨ ᠤ ᠠᠵᠤ ᠠᠬᠤᠶᠢᠯᠠᠯ ᠤᠨ ᠵᠢᠷᠤᠮᠵᠢᠭᠰᠠᠨ ᠠᠵᠢᠯᠯᠠᠭᠠᠨ ᠢ ᠬᠥᠲᠥᠯᠦᠨ ᠵᠢᠯᠣᠭᠤᠳᠴᠤ᠂ ᠰᠠᠭᠤᠭᠠᠯᠢ  ᠲᠣᠭᠤᠷᠢᠭ ᠤᠨ ᠠᠳᠠᠯ ᠠᠬᠤᠶ ᠶᠢᠨ ᠦᠢᠯᠡᠴᠢᠯᠡᠭᠡᠨ ᠤ ᠶᠠᠰᠤ ᠴᠢᠨᠠᠷ ᠤᠨ ᠳᠡᠭᠡᠭᠰᠢᠯᠡᠯᠲᠡ ᠶᠢ ᠪᠠᠲᠤᠯᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号