ᠴᠠᠭᠠᠨ ᠰᠠᠷ᠎ᠠ ᠶᠢᠨ ᠡᠬᠢᠨ ᠳᠤ ᠰᠦᠩᠱᠠᠨ ᠲᠤᠭᠤᠷᠢᠭ ᠲᠤᠰᠬᠠᠶ ᠠᠵᠢᠯᠲᠠᠨ ᠡᠯᠰᠡᠬᠦ ᠴᠤᠭᠯᠠᠭᠠᠨ ᠡᠷᠬᠢᠯᠡᠨ᠎ᠡ
ᠨᠡᠶᠢᠲᠡᠯᠡᠭᠰᠡᠨ ᠴᠠᠭ᠄
2023/1/30
      2023 ᠣᠨ ᠤ ︽ᠬᠠᠪᠤᠷ ᠤᠨ ᠰᠠᠯᠬᠢᠨ︾ ᠤ ᠠᠵᠢᠯᠯᠠᠭ᠎ᠠ ᠵᠢᠴᠢ ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ ᠶᠢᠨ ᠲᠤᠰᠬᠠᠶ ᠠᠵᠢᠯᠲᠠᠨ ᠡᠯᠰᠡᠬᠦ ᠴᠤᠭᠯᠠᠭᠠᠨ 2 ᠰᠠᠷ᠎ᠠ ᠶᠢᠨ 4 ᠤ ᠡᠳᠦᠷ᠂ 5 ᠤ ᠡᠳᠦᠷ ︵ᠴᠠᠭᠠᠨ ᠰᠠᠷ᠎ᠠ ᠶᠢᠨ ᠠᠷᠪᠠᠨ ᠳᠦᠷᠪᠡᠨ᠂ ᠠᠷᠪᠠᠨ ᠲᠠᠪᠤᠨ ᠤ ᠡᠳᠦᠷ︶ ᠰᠦᠩᠱᠠᠨ ᠤ ᠸᠠᠨ ᠳ᠋ᠠ ᠲᠠᠯᠠᠪᠠᠶ ᠳᠤ ᠶᠠᠪᠤᠭᠳᠠᠨ᠎ᠠ᠃ ᠤᠷᠢᠵᠤ ᠡᠯᠰᠡᠬᠦ ᠴᠤᠭᠯᠠᠭᠠᠨ ᠢ ᠰᠦᠩᠱᠠᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ ᠡᠪ ᠬᠠᠮᠲᠤ ᠵᠠᠯᠠᠭᠤᠴᠤᠳ ᠤᠨ ᠡᠪᠯᠡᠯ ᠤᠨ ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠬᠤᠷᠢᠶ᠎ᠠ᠂ ᠰᠦᠩᠱᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ᠂ ᠰᠦᠩᠱᠠᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠦᠩᠱᠠᠨ ᠲᠣᠭᠤᠷᠢᠭ ᠤᠨ ᠵᠧᠨ ᠰᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠮᠲᠤᠷᠠᠨ ᠡᠷᠬᠢᠯᠡᠵᠦ᠂ ᠤᠯᠠᠭᠠᠨᠬᠠᠳᠠ ᠶᠢᠨ ᠵᠦᠩ ᠰᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠳᠠᠭᠠᠭᠠᠴᠢᠯᠠᠨ ᠡᠷᠬᠢᠯᠡᠵᠦ᠂ ᠤᠯᠠᠭᠠᠨᠬᠠᠳᠠ ᠶᠢᠨ ᠰᠦᠩᠱᠠᠨ ᠤ ᠸᠠᠨ ᠳ᠋ᠠ ᠠᠭᠤᠳᠠᠮ ᠲᠠᠯᠠᠪᠠᠢ ᠶᠢᠨ ᠬᠤᠳᠠᠯᠳᠤᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠬᠠᠮᠵᠢᠯᠴᠠᠨ ᠡᠷᠬᠢᠯᠡᠨ᠎ᠡ᠃      ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠨᠢ ᠨᠤᠲᠤᠭ ᠲᠠᠭᠠᠨ ᠪᠤᠴᠠᠭᠰᠠᠨ ᠬᠥᠳᠡᠯᠮᠦᠷᠢ ᠬᠦᠴᠦ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠬᠡᠷ ᠪᠦᠯᠢ ᠶᠢᠨ ᠬᠥᠳᠡᠯᠮᠦᠷᠢ ᠬᠦᠴᠦ᠂ ᠬᠥᠯᠥᠰᠥᠨ ᠠᠵᠢᠯᠴᠢᠨ᠂ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠨ ᠬᠥᠮᠦᠰ᠂ ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠤᠭᠠᠳᠤᠶ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ᠂ ᠵᠡᠮᠳᠡᠭᠴᠦᠳ ᠵᠡᠷᠭᠡ ᠡᠯ᠎ᠡ ᠲᠥᠷᠥᠯ ᠤᠨ ᠬᠥᠳᠡᠯᠮᠦᠷᠢᠴᠢᠳ ᠤᠨ ᠠᠵᠢᠯ ᠤᠯᠬᠤ ᠠᠰᠠᠭᠤᠳᠠᠯ ᠢ ᠰᠢᠢᠳᠪᠦᠷᠢᠯᠡᠵᠦ ᠥᠭᠬᠦ ᠪᠣᠯᠤᠨ᠎ᠠ᠃ ᠠᠵᠢᠯᠲᠠᠨ ᠡᠯᠰᠡᠬᠦ ᠴᠤᠭᠯᠠᠭᠠᠨ ᠨᠢ ᠲᠣᠰ ᠭᠠᠵᠠᠷ ᠤᠨ ᠨᠠᠷᠠᠲᠤ ᠠᠵᠤ ᠠᠬᠤᠶᠢᠯᠠᠯ ᠪᠠ ᠰᠢᠯᠢᠳᠡᠭ ᠠᠵᠢᠯ ᠤᠨ ᠪᠠᠶᠢᠷᠢ  ᠢᠶᠠᠷ ᠭᠤᠤᠯᠯᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ ᠴᠤᠭᠯᠠᠭᠠᠨ ᠤ ᠠᠷᠭ᠎ᠠ ᠮᠠᠶ᠋ᠢᠭ ᠢᠶᠠᠷ ᠠᠵᠢᠯᠲᠠᠨ ᠡᠯᠰᠡᠬᠦ ᠠᠵᠢᠯᠯᠠᠭ᠎ᠠ ᠥᠷᠨᠢᠭᠦᠯᠵᠦ᠂ ᠠᠵᠢᠯᠲᠠᠨ ᠡᠯᠰᠡᠬᠦ ᠴᠤᠭᠯᠠᠭᠠᠨ ᠤ ᠲᠤᠬᠠᠶ ᠶᠢᠨ ᠲᠠᠯᠠᠪᠤᠷ ᠲᠤ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠵᠡᠷᠭᠡ ᠪᠠᠷ ᠰᠢᠭᠤᠳ ᠨᠡᠪᠲᠡᠷᠡᠭᠦᠯᠵᠦ᠂ ᠠᠵᠢᠯ ᠡᠷᠢᠭᠰᠡᠳ ᠰᠦᠯᠵᠢᠶᠡᠨ ᠳᠡᠭᠡᠷ᠎ᠡ ᠲᠣᠪᠴᠢ ᠨᠠᠮᠲᠠᠷ ᠢᠶᠠᠨ ᠬᠦᠷᠭᠡᠵᠦ ᠪᠣᠯᠤᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号