1 ᠰᠠᠷ᠎ᠠ ᠶᠢᠨ 2 ᠤᠨ ᠦᠳᠡ ᠶᠢᠨ ᠬᠤᠶᠢᠨ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠨ ᠴᠤᠤ ᠴᠢ ᠲᠡᠭᠦᠨ ᠤ ᠪᠠᠶᠢᠭ᠎ᠠ | ᠰᠦᠩᠱᠠᠨ ᠲᠣᠭᠤᠷᠢᠭ ᠤᠨ ᠲᠥᠯᠥᠭᠡᠯᠡᠭᠴᠢᠳ ᠤᠨ ᠪᠦᠯᠬᠦᠮ ᠳᠤ ᠢᠷᠡᠵᠦ᠂ ᠲᠥᠯᠥᠭᠡᠯᠡᠭᠴᠢᠳ ᠲᠠᠢ ᠬᠠᠮᠲᠤ ᠪᠠᠷ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ᠃ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠴᠢᠶᠣᠤ ᠰᠢᠤᠸᠠᠢ ᠹᠧᠩ ᠬᠠᠮᠲᠤ ᠪᠠᠷ ᠬᠢᠨᠠᠨ ᠵᠥᠪᠯᠡᠬᠦ ᠳᠤ | ᠣᠷᠣᠯᠴᠠᠪᠠ᠃ | ᠬᠢᠨᠠᠨ ᠵᠥᠪᠯᠡᠬᠦ ᠶᠠᠪᠤᠴᠠ ᠳᠤ᠂ ᠵᠢᠶᠠᠩ ᠼᠦᠩ᠂ ᠸᠠᠩ ᠶᠠᠨ ᠷᠦᠩ᠂ ᠵᠠᠩ ᠭᠦᠸᠧ ᠰᠢᠶᠠᠩ᠂ ᠵᠤᠤ ᠱᠢ | ᠴᠤᠤ᠂ ᠹᠦ᠋ ᠭᠦᠸᠧ ᠰᠢᠨ᠂ ᠯᠢ ᠰᠢᠨ᠂ ᠵᠤᠤ ᠭᠦᠸᠧ ᠵᠢᠶᠠᠩ ᠵᠡᠷᠭᠡ ᠲᠥᠯᠥᠭᠡᠯᠡᠭᠴᠢ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠤᠨ ᠲᠣᠭᠤᠷᠢᠨ ᠳᠤ᠂ ᠪᠦᠬᠦ ᠬᠤᠳᠠ ᠶᠢᠨ ᠬᠥᠭᠵᠢᠯᠲᠡ ᠶᠢᠨ ᠶᠡᠭᠡ ᠲᠠᠯ᠎ᠠ ᠲᠠᠢ ᠨᠢᠭᠲᠠ | ᠤᠶᠠᠯᠳᠤᠭᠤᠯᠤᠨ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠰᠠᠭᠤᠷᠢ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠬᠠᠤᠯᠢᠵᠢᠯ ᠢ | ᠴᠢᠩᠭᠠᠳᠬᠠᠬᠤ ᠵᠡᠷᠭᠡ ᠠᠵᠢᠯ ᠤᠨ ᠲᠤᠬᠠᠢ ᠰᠠᠨᠠᠯ ᠰᠠᠨᠠᠭᠤᠯᠭ᠎ᠠ ᠳᠤᠷᠠᠳᠴᠠᠢ᠃ ᠤᠯᠠᠨ ᠢᠶᠠᠷ ᠢᠶᠠᠨ᠂ ᠢᠯᠡᠳᠬᠡᠯ ᠳᠤ | ᠥᠩᠭᠡᠷᠡᠭᠰᠡᠨ ᠨᠢᠭᠡ ᠵᠢᠯ ᠤᠨ ᠠᠵᠢᠯ ᠢ ᠪᠦᠬᠦ ᠲᠠᠯ᠎ᠠ ᠪᠠᠷ ᠪᠤᠰᠤᠳᠴᠢ ᠪᠠᠷ ᠳ᠋ᠦᠩᠨᠡᠵᠦ᠂ 2023 ᠣᠨ ᠤ ᠠᠵᠢᠯ ᠢ | ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ ᠪᠣᠳᠠᠲᠠᠢ ᠶᠢ ᠡᠷᠬᠢᠮᠯᠡᠭᠰᠡᠨ ᠪᠠᠶᠢᠨ᠎ᠠ᠂ ᠡᠨᠡ ᠪᠣᠯ ᠵᠢᠯᠣᠭᠤᠳᠬᠤ ᠴᠢᠨᠠᠷ | ᠪᠠ ᠬᠡᠷᠡᠭᠵᠢᠭᠦᠯᠬᠦ ᠴᠢᠨᠠᠷ ᠢᠶᠠᠷ ᠮᠠᠰᠢ ᠴᠢᠩᠭ᠎ᠠ ᠰᠠᠶᠢᠨ ᠮᠡᠳᠡᠭᠦᠯᠦᠯᠲᠡ ᠪᠣᠯᠤᠨ᠎ᠠ ᠭᠡᠵᠦ ᠰᠠᠨᠠᠯ ᠨᠢᠭᠡᠲᠡᠢ ᠦᠵᠡᠪᠡ᠃ | ᠸᠠᠨ ᠴᠤᠤ ᠴᠢ ᠶᠠᠷᠢᠶᠠᠨ ᠳᠠᠭᠠᠨ᠂ 2023 ᠣᠨ ᠳᠤ ᠪᠢᠳᠠ ᠤᠯᠠᠭᠠᠨᠬᠠᠳᠠ ᠶᠢᠨ ᠬᠥᠭᠵᠢᠯᠲᠡ ᠶᠢ | ᠲᠦᠷᠭᠡᠨ ᠵᠠᠮ ᠳᠤ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠵᠤ ᠠᠬᠤᠢ ᠶᠢᠨ ᠪᠦᠳᠦᠭᠡᠨ | ᠪᠠᠶᠢᠭᠤᠯᠤᠯᠲᠠ ᠶᠢᠨ ᠡᠨᠡᠬᠦ ᠭᠤᠣᠯᠳᠠᠯᠭ᠎ᠠ ᠶᠢ ᠭᠤᠶᠢᠪᠢᠰᠢ ᠦᠭᠡᠢ ᠴᠢᠩᠭ᠎ᠠ ᠠᠳᠬᠤᠵᠤ᠂ ᠠᠷᠠᠳ ᠤᠯᠠᠨ ᠤ | ᠠᠮᠢᠳᠤᠷᠠᠯ ᠤᠨ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠵᠦ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠭᠦᠨ | ᠳᠠᠪᠬᠤᠷᠭ᠎ᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠪᠦᠬᠦ ᠲᠠᠯ᠎ᠠ ᠪᠠᠷ ᠠᠬᠢᠭᠤᠯᠵᠤ᠂ ᠨᠡᠶᠢᠭᠡᠮ ᠤᠨ ᠦᠢᠯᠡᠰ ᠤᠨ ᠰᠢᠨ᠎ᠡ ᠲᠠᠪᠰᠢᠯᠳᠠ ᠶᠢ ᠪᠡᠶᠡᠯᠡᠭᠦᠯᠬᠦ ᠬᠡᠷᠡᠭᠲᠡᠢ ᠭᠡᠵᠦ | ᠵᠢᠭᠠᠵᠤ ᠭᠠᠷᠭᠠᠪᠠ᠃ ᠲᠡᠷᠡ ᠬᠦᠰᠡᠭᠰᠡᠨ ᠨᠢ᠂ ᠰᠦᠩᠱᠠᠨ ᠲᠣᠭᠤᠷᠢᠭ ᠤᠨ ᠬᠢᠨ ᠴᠢᠨᠠᠷ ᠰᠠᠶᠢᠲᠠᠢ ᠬᠥᠭᠵᠢᠯᠲᠡ ᠭᠡᠬᠦ | ᠡᠨᠡᠬᠦ ᠲᠡᠷᠢᠭᠦᠨ ᠴᠢᠬᠤᠯᠠ ᠡᠭᠦᠷᠭᠡ ᠶᠢ ᠠᠳᠬᠤᠵᠤ᠂ ᠠᠩᠴᠢᠨ ᠤ ᠬᠦᠷᠢᠶᠡᠯᠡᠩ ᠲᠣᠭᠤᠷᠢᠭ ᠤᠨ ᠪᠦᠳᠦᠭᠡᠨ | ᠪᠠᠶᠢᠭᠤᠯᠤᠯᠲᠠ ᠶᠢ ᠶᠡᠬᠡᠪᠡᠷ ᠴᠢᠩᠭᠠᠳᠬᠠᠬᠤ ᠪᠠᠷ ᠲᠠᠶᠢᠴᠢᠯᠠᠯᠳᠠ ᠪᠣᠯᠭᠠᠵᠤ᠂ ᠠᠵᠤ ᠦᠢᠯᠡᠳᠪᠦᠷᠢ ᠶᠢᠨ ᠠᠵᠤ | ᠠᠬᠤᠢ ᠶᠢᠨ ᠶᠡᠭᠡ ᠬᠥᠭᠵᠢᠯᠲᠡ ᠶᠢ ᠠᠬᠢᠭᠤᠯᠬᠤ ᠬᠡᠷᠡᠭᠲᠡᠢ︔ ᠢᠩᠭᠡ ᠶᠢᠨ ᠭᠤᠣᠯ ᠤᠨ ᠳᠡᠭᠡᠳᠦ ᠤᠷᠤᠰᠬᠠᠯ ᠤᠨ | ᠶᠡᠷᠦᠩᠬᠡᠶᠢᠯᠡᠭᠰᠡᠨ ᠵᠠᠰᠠᠯᠲᠠ ᠶᠢ ᠳᠡᠭᠡᠭᠰᠢᠯᠡᠭᠦᠯᠬᠦ ᠪᠠᠷ ᠲᠠᠶᠢᠴᠢᠯᠠᠯᠳᠠ ᠪᠣᠯᠭᠠᠵᠤ᠂ ᠬᠥᠳᠡᠭᠡ ᠲᠣᠰᠬᠤᠨ ᠢ ᠪᠦᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ︔ ᠣᠯᠠᠨ ᠲᠥᠷᠥᠯ ᠤᠨ ᠡᠵᠡᠩᠨᠡᠯᠲᠡ ᠶᠢᠨ | ᠬᠡᠯᠪᠡᠷᠢ ᠪᠠᠶᠢᠳᠠᠯ ᠤᠨ ᠬᠥᠭᠵᠢᠯᠲᠡ ᠶᠢ ᠵᠣᠷᠢᠭᠵᠢᠭᠤᠯᠤᠨ ᠳᠡᠮᠵᠢᠬᠦ ᠪᠠᠷ ᠳᠠᠶᠢᠴᠢᠯᠠᠯᠲᠠ ᠪᠣᠯᠭᠠᠵᠤ᠂ ᠣᠲᠣ ᠦᠶ᠎ᠡ ᠶᠢᠨ | ᠦᠢᠯᠡᠴᠢᠯᠡᠭᠡᠨ ᠤ ᠦᠢᠯᠡᠰ ᠤᠨ ᠶᠡᠬᠡᠪᠡᠷ ᠳᠡᠭᠡᠭᠰᠢᠯᠡᠬᠦ ᠶᠢ ᠠᠬᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠢ | ᠪᠠᠲᠤᠯᠠᠨ ᠰᠠᠶᠢᠵᠢᠷᠠᠭᠤᠯᠬᠤ ᠡᠨᠡᠬᠦ ᠦᠨᠳᠦᠰᠦᠨ ᠵᠦᠢᠯ ᠢ ᠠᠳᠬᠤᠵᠤ᠂ ᠬᠤᠳᠠ ᠬᠥᠳᠡᠭᠡ ᠶᠢᠨ ᠰᠠᠭᠤᠷᠢ | ᠲᠥᠬᠦᠭᠡᠷᠦᠮᠵᠢ ᠶᠢᠨ ᠪᠦᠳᠦᠬᠡᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠲᠦᠮᠡᠨ ᠳᠤ ᠢᠯᠡᠭᠦᠬᠡᠨ ᠪᠣᠳᠠᠲᠠᠢ | ᠶᠠᠪᠤᠳᠠᠯ ᠬᠢᠵᠦ ᠥᠭᠬᠦ ᠬᠡᠷᠡᠭᠲᠡᠢ᠂ ᠣᠳᠣᠬᠠᠨ ᠳᠤ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ᠪᠦᠲᠦᠮᠵᠢᠲᠡᠢ | ᠰᠢᠢᠳᠪᠦᠷᠢᠯᠡᠬᠦ ᠠᠵᠢᠯ ᠢ ᠭᠤᠣᠯᠳᠠᠯᠭ᠎ᠠ ᠲᠠᠢ ᠴᠢᠩᠭᠠᠳᠬᠠᠵᠤ᠂ ᠠᠪᠤᠷᠠᠨ ᠵᠠᠰᠠᠬᠤ ᠲᠠᠯ᠎ᠠ ᠪᠠᠷ ᠬᠢ ᠲᠤᠪᠤᠶᠢᠮ᠎ᠠ | ᠠᠰᠠᠭᠤᠳᠠᠯ ᠢ ᠰᠢᠢᠳᠪᠦᠷᠢᠯᠡᠵᠦ᠂ ᠠᠷᠠᠳ ᠲᠦᠮᠡᠨ ᠤ ᠡᠷᠡᠭᠦᠯ ᠮᠡᠨᠳᠤ ᠶᠢ ᠬᠠᠮᠠᠭᠠᠯᠠᠬᠤ ᠬᠡᠷᠡᠭᠲᠡᠢ᠃ ᠺᠠᠳ᠋ᠷ ᠭᠡᠬᠦ ᠡᠨᠡ | ᠬᠦ ᠵᠠᠩᠭᠢᠯᠠᠭ᠎ᠠ ᠶᠢ ᠠᠳᠬᠤᠵᠤ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠪᠦᠬᠦ | ᠲᠠᠯ᠎ᠠ ᠶᠢᠨ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠶᠢᠨ ᠬᠡᠷᠡᠭᠴᠡᠭᠡ ᠶᠢ ᠨᠡᠩ ᠰᠠᠶᠢᠲᠤᠷ ᠭᠦᠢᠴᠡᠳᠬᠡᠬᠦ ᠬᠡᠷᠡᠭᠲᠡᠶ | ᠃ |