12 ᠰᠠᠷ᠎ᠠ ᠶᠢᠨ 28 ᠤ ᠡᠳᠦᠷ᠂ ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠱᠧᠨᠵᠧᠨ ᠬᠤᠳᠠ ᠶᠢᠨ | ᠰᠢᠨ ᠸᠠᠩ ᠳ᠋ᠠ ᠤᠶᠤᠨᠲᠤ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠭᠠᠷ ᠤᠨ ᠦᠰᠦᠭ ᠵᠢᠷᠤᠬᠤ | ᠶᠣᠰᠣᠯᠠᠯ ᠶᠠᠪᠤᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 30 ᠳ᠋ᠦᠩᠰᠢᠭᠤᠷ ᠲᠥᠭᠦᠷᠢᠭ ᠤᠨ ᠰᠢᠨ | ᠸᠠᠩ ᠳ᠋ᠠ ᠤᠯᠠᠭᠠᠨᠬᠠᠳᠠ ᠶᠢᠨ ᠣᠶᠤᠨᠴᠢ ᠦᠢᠯᠡᠳᠬᠦ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠰᠦᠩᠱᠠᠨ ᠲᠣᠭᠤᠷᠢᠭ ᠲᠤ ᠰᠠᠭᠤᠷᠢᠰᠢᠪᠠ | ᠃ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠤᠤ ᡁᠢ ᠭᠠᠩ᠂ ᠱᠧᠨᠵᠧᠨ ᠬᠤᠳᠠ ᠶᠢᠨ ᠰᠢᠨ ᠸᠠᠩ ᠳ᠋ᠠ | ᠤᠶᠤᠨᠲᠤ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠯᠢ ᠪᠦᠦ ᠬᠤᠸᠠ᠂ ᠬᠤᠳᠠ ᠶᠢᠨ | ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠰᠦᠩᠱᠠᠨ ᠲᠣᠭᠤᠷᠢᠭ ᠤᠨ | ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠦᠩ᠂ | ᠲᠣᠭᠤᠷᠢᠭ ᠤᠨ ᠤᠳᠤᠷᠢᠳᠤᠯᠭ᠎ᠠ ᠯᠢᠶᠠᠩ ᠮᠢᠩ ᠽᠧ ᠨᠠᠷ ᠶᠣᠰᠣᠯᠠᠯ ᠳᠤ ᠣᠷᠣᠯᠴᠠᠪᠠ᠃ | ᠵᠤᠤ ᡁᠢ ᠭᠠᠩ ᠲᠦᠷᠦᠯ ᠵᠦᠢᠯ ᠤᠨ ᠬᠠᠮᠲᠤᠷᠠᠯᠴᠠᠭ᠎ᠠ ᠲᠤᠬᠢᠷᠠᠯᠴᠠᠭᠰᠠᠨ ᠳᠤ ᠪᠠᠶᠠᠷ ᠬᠦᠷᠭᠡᠵᠦ | ᠪᠠᠶᠢᠬᠤ ᠪᠠᠨ ᠢᠯᠡᠳᠬᠡᠵᠦ᠂ ᠰᠢᠨ ᠸᠠᠩ ᠳ᠋ᠠ ᠺᠣᠮᠫᠠᠨᠢ ᠶᠢᠨ ᠠᠵᠢᠯ ᠲᠦᠷᠦᠯ ᠤᠨ ᠨᠡᠷ᠎ᠡ ᠲᠦᠷᠦ᠂ ᠰᠢᠨᠵᠢᠯᠡᠬᠦ | ᠤᠬᠠᠭᠠᠨ ᠮᠡᠷᠭᠡᠵᠢᠯ ᠤᠨ ᠪᠣᠳᠠᠲᠤ ᠬᠦᠴᠦᠨ᠂ ᠬᠥᠭᠵᠢᠯᠲᠡ ᠶᠢᠨ ᠳᠠᠯᠳᠠ ᠬᠦᠴᠦᠨ ᠢ ᠳᠡᠭᠡᠳᠦ ᠬᠡᠮᠵᠢᠶ᠎ᠡ ᠪᠠᠷ | ᠮᠡᠳᠡᠷᠡᠵᠦ ᠪᠠᠶᠢᠬᠤ ᠪᠠᠨ ᠢᠯᠡᠳᠬᠡᠪᠡ᠃ ᠲᠡᠷᠡ ᠢᠯᠡᠷᠬᠡᠶᠢᠯᠡᠬᠦ ᠳᠡᠭᠡᠨ᠂ ᠰᠦᠩᠱᠠᠨ ᠲᠣᠭᠤᠷᠢᠭ ᠰᠠᠶᠢᠨ ᠰᠠᠶᠢᠬᠠᠨ | ᠣᠷᠣᠨ ᠪᠠᠶᠢᠷᠢ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠲᠠᠢ᠂ ᠬᠥᠭᠵᠢᠯᠲᠡ ᠶᠢᠨ ᠣᠷᠣᠨ ᠵᠠᠶ ᠥᠷᠭᠡᠨ | ᠠᠭᠤᠳᠠᠮ ᠪᠠᠶᠢᠵᠤ᠂ ᠰᠢᠨ ᠸᠠᠩ ᠳ᠋ᠠ ᠤᠯᠠᠭᠠᠨᠬᠠᠳᠠ ᠶᠢᠨ ᠣᠶᠤᠨᠴᠢ ᠦᠢᠯᠡᠳᠬᠦ ᠪᠣᠬᠢᠷᠲᠤᠯ ᠥᠬᠡᠶ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ | ᠬᠡᠷᠡᠭᠴᠡᠭᠡ ᠲᠠᠢ ᠳᠡᠭᠡᠳᠦ ᠬᠡᠮᠵᠢᠶ᠎ᠡ ᠪᠠᠷ ᠲᠣᠬᠢᠷᠠᠯᠴᠠᠵᠤ᠂ ᠲᠥᠷᠥᠯ ᠵᠦᠢᠯ ᠤᠨ ᠡᠷᠦᠬᠡ ᠠᠮᠠ ᠣᠷᠣᠬᠤ ᠨᠢ ᠰᠦᠩᠱᠠᠨ | ᠲᠣᠭᠤᠷᠢᠭ ᠤᠨ ᠲᠠᠷᠠᠭᠠᠴᠢ ᠶᠢᠨ ᠠᠯᠬᠤᠮ ᠤᠨ ᠠᠵᠤ ᠦᠢᠯᠡᠳᠪᠦᠷᠢ ᠶᠢᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ | ᠪᠤᠵᠠᠭᠠᠶᠢᠷᠠᠭᠤᠯᠬᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ | ᠲᠠᠰ ᠳᠡᠪᠰᠢᠬᠦ ᠶᠢ ᠠᠬᠢᠭᠤᠯᠬᠤ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠶᠤᠮ᠃ ᠰᠢᠨ | ᠸᠠᠩ ᠳ᠋ᠠ ᠺᠣᠮᠫᠠᠨᠢ ᠶᠢᠨ ᠬᠢᠨ ᠪᠦᠬᠦ ᠬᠦᠴᠦᠨ ᠢᠶᠠᠷ ᠢᠶᠠᠨ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ | ᠲᠦᠷᠭᠡᠨ ᠰᠠᠶᠢᠲᠤᠷ ᠬᠢᠵᠦ᠂ ᠲᠦᠷᠦᠯ ᠵᠦᠢᠯ ᠤᠨ ᠲᠦᠷᠭᠡᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠬᠠᠮᠲᠤ | ᠨᠡᠩ ᠤᠯᠠᠨ ᠠᠵᠤ ᠦᠢᠯᠡᠰ ᠤᠨ ᠢᠵᠢ ᠪᠦᠷᠢᠳᠦᠭᠰᠡᠨ ᠲᠦᠷᠦᠯ ᠵᠦᠢᠯ ᠢ ᠤᠯᠠᠭᠠᠨᠬᠠᠳᠠ ᠳᠤ ᠨᠤᠲᠤᠭᠰᠢᠭᠤᠯᠬᠤ ᠶᠢ | ᠬᠦᠰᠡᠵᠦ ᠪᠠᠶᠢᠨ᠎ᠠ᠃ ᠬᠠᠮᠢᠶ᠎ᠠ ᠪᠥᠬᠦᠶ ᠭᠠᠵᠠᠷ ᠣᠷᠣᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠠᠵᠢᠯ ᠤᠨ | ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠲᠤᠰᠬᠠᠶ ᠠᠩᠭᠢ ᠪᠠᠷ ᠳᠥᠯᠭᠢᠨ ᠠᠬᠢᠭᠤᠯᠬᠤ ᠶᠢ ᠴᠢᠩᠭᠠᠷᠠᠭᠤᠯᠤᠨ᠂ | ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ | ᠬᠠᠮᠤᠭ ᠤᠨ ᠰᠢᠯᠢᠳᠡᠭ ᠲᠥᠷᠥ ᠶᠢᠨ ᠪᠣᠳᠣᠯᠭ᠎ᠠ᠂ ᠣᠷᠴᠢᠨ ᠲᠣᠭᠤᠷᠢᠨ ᠪᠠ ᠦᠢᠯᠡᠴᠢᠯᠡᠭᠡ ᠬᠠᠩᠭᠠᠵᠤ᠂ ᠲᠥᠷᠥᠯ | ᠵᠦᠢᠯ ᠢ ᠳᠥᠯᠭᠢᠨ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ | ᠰᠢᠢᠳᠪᠦᠷᠢᠯᠡᠵᠦ᠂ ᠲᠥᠷᠥᠯ ᠵᠦᠢᠯ ᠢ ᠡᠷᠲᠡ ᠪᠥᠲᠥᠭᠡᠨ ᠪᠠᠶᠢᠭᠤᠯᠵᠤ ᠡᠷᠲᠡ ᠠᠰᠢᠭᠯᠠᠯᠲᠠ ᠳᠤ ᠣᠷᠣᠭᠤᠯᠵᠤ ᠡᠷᠲᠡ | ᠠᠵᠢᠯᠯᠠᠭᠤᠯᠤᠨ ᠡᠷᠲᠡ ᠦᠷ᠎ᠡ ᠪᠦᠲᠦᠮᠵᠢ ᠤᠯᠬᠤ ᠶᠢ ᠳᠥᠯᠭᠢᠨ ᠠᠬᠢᠭᠤᠯᠬᠤ ᠬᠡᠷᠡᠭᠲᠡᠶ᠃ | ᠱᠧᠨᠵᠧᠨ ᠬᠤᠳᠠ ᠶᠢᠨ ᠰᠢᠨ ᠸᠠᠩ ᠳ᠋ᠠ ᠤᠶᠤᠨᠲᠤ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠪᠣᠯ ᠰᠢᠨ ᠸᠠᠩ ᠳ᠋ᠠ ᠡᠯᠧᠺᠲᠷᠣᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ︵ᠱᠧᠨᠵᠧᠨ ᠤ ᠦᠨᠡᠲᠦ | ᠲᠡᠮᠳᠡᠭᠲᠦ ᠶᠢᠨ ᠠᠷᠠᠯᠵᠢᠶᠠᠨ ᠤ ᠭᠠᠵᠠᠷ ᠤᠨ ᠦᠢᠯᠡᠰ ᠪᠤᠰᠬᠠᠬᠤ ᠰᠠᠮᠪᠠᠷ᠎ᠠ ᠶᠢᠨ ᠵᠠᠬ᠎ᠠ ᠳᠡᠯᠭᠡᠭᠦᠷ ᠲᠤ ᠭᠠᠷᠤᠭᠰᠠᠨ | ᠠᠵᠤ ᠠᠬᠤᠶᠢᠯᠠᠯ᠂ ᠪᠦᠬᠦ ᠪᠥᠮᠪᠥᠷᠴᠡᠭ ᠤᠨ 3C ᠬᠡᠷᠡᠭᠯᠡᠭᠡᠨ ᠤ ᠲᠦᠷᠦᠯ ᠤᠨ ᠯᠢᠲ᠋ᠢ ᠴᠠᠬᠢᠯᠭᠠᠨ ᠴᠡᠨᠡᠭᠯᠡᠭᠦᠷ ᠤᠨ | ᠬᠠᠩᠭᠠᠯᠭ᠎ᠠ ᠶᠢᠨ ᠬᠤᠳᠠᠯᠳᠤᠭᠠᠴᠢᠨ ᠤ ᠨᠡᠷᠡᠰ ᠤᠨ ᠵᠢᠭᠰᠠᠭᠠᠯᠲᠠ ᠳᠤ 1 ᠳ᠋ᠦ᠋ᠭᠡᠷ᠂ ᠪᠦᠬᠦ ᠪᠥᠮᠪᠥᠷᠴᠡᠭ ᠤᠨ ᠰᠢᠨ᠎ᠡ | ᠡᠨᠧᠷᠭᠢ ᠶᠢᠨ ᠠᠵᠤ ᠠᠬᠤᠶᠢᠯᠠᠯ ᠤᠨ 500 ᠬᠦᠴᠦᠷᠬᠡᠭ ᠤᠨ ᠨᠡᠷᠡᠰ ᠤᠨ ᠵᠢᠭᠰᠠᠭᠠᠯᠲᠠ ᠳᠤ 26 ᠳ᠋ᠤᠭᠠᠷ᠂ | ᠳᠤᠮᠳᠠᠳᠤ ᠤᠯᠤᠰ ᠤᠨ ᠴᠠᠬᠢᠯᠭᠠᠨ ᠴᠡᠨᠡᠭᠯᠡᠭᠦᠷ ᠤᠨ ᠵᠠᠭᠤᠨ ᠬᠦᠴᠦᠷᠬᠡᠭ ᠤᠨ ᠠᠵᠤ ᠠᠬᠤᠶᠢᠯᠠᠯ ᠤᠨ ᠨᠡᠷᠡᠰ ᠤᠨ | ᠵᠢᠭᠰᠠᠭᠠᠯᠲᠠ ᠳᠤ 3 ᠳ᠋ᠤᠭᠠᠷ︶ ᠶᠢᠨ ᠪᠦᠷᠢᠨ ᠪᠡᠯᠡ ᠤᠷᠤᠭᠤᠯᠠᠭᠰᠠᠨ ᠺᠤᠮᠫᠠᠨᠢ ᠪᠤᠯᠤᠨ᠎ᠠ᠃ ᠬᠤᠶᠠᠷ ᠲᠠᠯ᠎ᠠ ᠪᠠᠷ ᠢᠶᠠᠨ | ᠭᠡᠷ᠎ᠡ ᠲᠣᠭᠲᠠᠭᠰᠠᠨ ᠤ ᠳᠠᠷᠠᠭ᠎ᠠ᠂ ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠪᠣᠯᠤᠨ ᠱᠧᠨᠵᠧᠨ ᠬᠤᠲᠠ ᠶᠢᠨ | ᠰᠢᠨ ᠸᠠᠩ ᠳ᠋ᠠ ᠤᠶᠤᠨᠲᠤ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭ᠎ᠠ ᠥᠷᠨᠢᠭᠦᠯᠵᠦ᠂ ᠱᠧᠨᠵᠧᠨ ᠬᠤᠳᠠ ᠶᠢᠨ ᠰᠢᠨ ᠸᠠᠩ ᠳ᠋ᠠ ᠤᠶᠤᠨᠲᠤ ᠡᠨᠧᠷᠭᠢ ᠶᠢᠨ ᠬᠢᠵᠠᠭᠠᠷᠲᠤ | ᠺᠣᠮᠫᠠᠨᠢ ᠶᠢᠨ ᠬᠢᠨ ᠰᠦᠩᠱᠠᠨ ᠲᠣᠭᠤᠷᠢᠭ ᠤᠨ ᠠᠩᠴᠢᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ | ᠰᠢᠨ ᠸᠠᠩ ᠳ᠋ᠠ ᠤᠯᠠᠭᠠᠨᠬᠠᠳᠠ ᠶᠢᠨ ᠣᠶᠤᠨᠴᠢ ᠦᠢᠯᠡᠳᠬᠦ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠢ ᠲᠥᠯᠥᠪᠵᠢᠭᠦᠯᠦᠨ ᠪᠦᠳᠦᠬᠡᠨ ᠪᠠᠶᠢᠭᠤᠯᠬᠤ ᠪᠠᠷ ᠪᠤᠢ᠃ | 500 ᠮᠥ ᠭᠠᠵᠠᠷ ᠡᠵᠡᠯᠡᠵᠦ᠂ ᠰᠢᠨ ᠸᠠᠩ ᠳ᠋ᠠ ᠺᠣᠮᠫᠠᠨᠢ ᠲᠣᠰ ᠪᠡᠶ᠎ᠡ ᠶᠢᠨ ᠳᠠᠪᠠᠭᠤᠯᠢᠭ ᠢᠶᠠᠷ ᠢᠶᠠᠨ ᠳᠡᠭᠡᠳᠦ | ᠳᠣᠤᠷᠠᠳᠤ ᠤᠷᠤᠰᠬᠠᠯ ᠤᠨ ᠬᠤᠯᠪᠣᠭᠳᠠᠯ ᠪᠥᠬᠦᠶ ᠠᠵᠤ ᠦᠢᠯᠡᠰ ᠢ ᠬᠦᠷᠢᠶᠡᠯᠡᠩ ᠲᠣᠭᠤᠷᠢᠭ ᠲᠤ ᠡᠷᠦᠬᠡ ᠠᠮᠠ | ᠣᠷᠣᠭᠤᠯᠵᠤ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠵᠢᠴᠢ ᠳᠡᠭᠡᠳᠦ ᠲᠠᠰ ᠤᠨ ᠲᠣᠨᠤᠭ ᠲᠥᠬᠦᠭᠡᠷᠦᠮᠵᠢ ᠦᠢᠯᠡᠳᠬᠦ | ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠭᠤᠤᠯᠳᠠᠯᠭ᠎ᠠ ᠲᠠᠢ | ᠬᠥᠭᠵᠢᠭᠦᠯᠵᠦ᠂ ᠰᠢᠨ ᠸᠠᠩ ᠳ᠋ᠠ ᠺᠣᠮᠫᠠᠨᠢ ᠪᠠᠷ ︽ᠬᠡᠯᠬᠢᠶᠡᠨ ᠤ ᠡᠵᠡᠨ︾ ᠪᠣᠯᠭᠠᠭᠰᠠᠨ ᠠᠵᠤ ᠦᠢᠯᠡᠰ ᠤᠨ | ᠪᠦᠯᠦᠭᠯᠡᠯ ᠪᠠ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠪᠣᠳᠠᠲᠠᠶ ᠲᠥᠷᠥᠯ ᠵᠦᠢᠯ ᠳᠤ ᠴᠠᠬᠢᠯᠭᠠᠨ | ᠬᠦᠴᠦᠨ ᠤ ᠡᠨᠧᠷᠭᠢ ᠬᠠᠳᠠᠭᠠᠯᠠᠬᠤ ᠰᠢᠰᠲ᠋ᠧᠮ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ︵ᠯᠢᠲ᠋ᠢ ᠴᠠᠬᠢᠯᠭᠠᠨ | ᠴᠡᠨᠡᠭᠯᠡᠭᠦᠷ PACK ᠦᠢᠯᠡᠳᠪᠦᠷᠢᠯᠡᠯ ᠤᠨ ᠱᠤᠭᠤᠮ ᠪᠠ ᠡᠨᠧᠷᠭᠢ ᠬᠠᠳᠠᠭᠠᠯᠠᠬᠤ ᠰᠢᠰᠲ᠋ᠧᠮ ᠤᠨ ᠶᠡᠷᠦᠩᠬᠡᠶ | ᠤᠭᠰᠠᠷᠠᠯᠲᠠ ᠶᠢᠨ ᠬᠤᠷᠠᠮᠠᠯ ᠰᠢᠯᠭᠠᠯᠲᠠ︶᠂ ᠬᠠᠮᠲᠤᠪᠠᠷ ᠭᠥᠷᠳᠡᠬᠦ ᠡᠨᠧᠷᠭᠢ ᠬᠠᠳᠠᠭᠠᠯᠠᠬᠤ᠂ ᠲᠣᠭᠠᠴᠢᠯᠠᠭᠰᠠᠨ | ᠡᠨᠧᠷᠭᠢ ᠶᠢᠨ ᠰᠤᠳᠤᠯᠭᠠᠨ ᠤ ᠬᠦᠷᠢᠶᠡᠯᠡᠩ ᠵᠡᠷᠭᠡ ᠪᠠᠭᠲᠠᠨ᠎ᠠ᠂ ᠪᠣᠳᠠᠲᠠᠶ ᠲᠤᠬᠠᠶᠢᠯᠠᠭᠰᠠᠨ ᠠᠵᠢᠯ ᠳᠤ ᠠᠵᠤ | ᠦᠢᠯᠡᠰ ᠢ ᠨᠡᠭᠡᠭᠡᠨ ᠬᠥᠭᠵᠢᠭᠦᠯᠬᠦ᠂ ᠪᠣᠬᠢᠷᠲᠤᠯ ᠥᠬᠡᠶ ᠴᠠᠬᠢᠯᠭᠠᠨ ᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ᠂ | ᠴᠠᠬᠢᠯᠭᠠᠨ ᠲᠦᠭᠡᠭᠡᠬᠦ ᠲᠣᠤᠷ ᠵᠢᠴᠢ ᠬᠦᠴᠦᠳᠡᠯ ᠥᠭᠡᠷᠡᠴᠢᠯᠡᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ | ᠨᠡᠭᠦᠷᠡᠰᠦᠲᠥ᠋ᠷᠥᠭᠴᠢ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠵᠡᠷᠭᠡ ᠪᠠᠭᠲᠠᠨ᠎ᠠ᠃ ᠬᠤᠶᠠᠷ ᠲᠠᠯ᠎ᠠ ᠪᠠᠷ ᠢᠶᠠᠨ ᠭᠠᠷ | ᠬᠤᠯᠪᠣᠨ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠬᠦᠷᠢᠶᠡᠯᠡᠩ ᠤᠨ ᠵᠢᠱᠢᠶ᠎ᠡ ᠦᠵᠡᠭᠦᠯᠬᠦ ᠬᠡᠪ | ᠳᠠᠭᠤᠷᠢᠶᠠᠯ ᠢ ᠡᠭᠦᠳᠴᠦ᠂ ᠰᠦᠩᠱᠠᠨ ᠲᠣᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ | ᠬᠦᠴᠦᠨ ᠨᠠᠮᠠᠷᠢᠯᠡᠬᠦ ᠪᠤᠯᠤᠨ᠎ᠠ᠃ |