ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠪᠣᠯᠤᠨ ᠵᠥᠩ ᠬᠠᠨ ᠲᠠᠷᠢᠶᠠᠯᠠᠩ ᠢ ᠬᠦᠭᠵᠢᠭᠦᠯᠬᠦ ︵ᠪᠡᠭᠡᠵᠢᠩ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ ᠵᠠᠰᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠥᠷᠥᠯ ᠵᠦᠢᠯ ᠤᠨ ᠲᠤᠬᠠᠶ ᠭᠡᠷ᠎ᠡ ᠲᠣᠭᠲᠠᠪᠠ
ᠨᠡᠶᠢᠲᠡᠯᠡᠭᠰᠡᠨ ᠴᠠᠭ᠄
2023/1/9
      1 ᠰᠠᠷ᠎ᠠ ᠶᠢᠨ 6 ᠤ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠪᠣᠯᠤᠨ ᠵᠦᠩ ᠬᠠᠨ ᠲᠠᠷᠢᠶᠠᠯᠠᠩ ᠢ ᠬᠦᠭᠵᠢᠭᠦᠯᠬᠦ ︵ᠪᠡᠭᠡᠵᠢᠩ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠦᠷᠦᠯ ᠵᠦᠢᠯ ᠤᠨ ᠲᠤᠬᠠᠢ ᠭᠡᠷ᠎ᠡ ᠲᠣᠭᠲᠠᠪᠠ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠶᠠᠨ ᠶᠦᠩ᠂ ᠵᠦᠩ ᠬᠠᠨ ᠲᠠᠷᠢᠶᠠᠯᠠᠩ ᠢ ᠬᠦᠭᠵᠢᠭᠦᠯᠬᠦ ︵ᠪᠡᠭᠡᠵᠢᠩ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠱᠧ ᠬᠠᠢ ᠴᠢᠶᠠᠩ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃        ᠴᠧᠨ ᠶᠠᠨ ᠶᠦᠩ ᠵᠢᠭᠠᠵᠤ ᠭᠠᠷᠭᠠᠭᠰᠠᠨ ᠨᠢ᠂ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠦᠷᠦᠯ ᠵᠦᠢᠯ ᠤᠨ ᠭᠡᠷ᠎ᠡ ᠲᠣᠭᠲᠠᠭᠰᠠᠨ ᠨᠢ ᠰᠦᠩᠱᠠᠨ ᠲᠣᠭᠤᠷᠢᠭ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠡᠬᠢ ᠪᠠᠶᠠᠯᠢᠭ ᠤᠨ ᠡᠯᠧᠮᠧᠨ᠋ᠲ ᠤᠨ ᠴᠢᠨᠠᠷ ᠰᠠᠶᠢᠲᠠᠢ ᠬᠥᠭᠵᠢᠯᠲᠡ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠰᠦᠩᠱᠠᠨ ᠲᠣᠭᠤᠷᠢᠭ ᠤᠨ ᠬᠢᠨ ᠴᠢᠨᠠᠷ ᠰᠠᠶᠢᠲᠠᠢ ᠦᠢᠯᠡᠴᠢᠯᠡᠭᠡ ᠶᠢ ᠪᠦᠬᠦ ᠬᠦᠴᠦᠨ ᠢᠶᠠᠷ ᠢᠶᠠᠨ ᠬᠠᠩᠭᠠᠵᠤ᠂ ᠰᠢᠯᠢᠳᠡᠭ ᠰᠠᠶᠢᠨ ᠡᠵᠡᠩᠨᠡᠯᠲᠡ ᠶᠢᠨ ᠣᠷᠴᠢᠨ ᠲᠣᠭᠤᠷᠢᠨ ᠢ ᠡᠭᠦᠳᠴᠦ᠂ ᠵᠦᠩ ᠬᠠᠨ ᠲᠠᠷᠢᠶᠠᠯᠠᠩ ᠢ ᠬᠦᠭᠵᠢᠭᠦᠯᠬᠦ ︵ᠪᠡᠭᠡᠵᠢᠩ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠰᠦᠩᠱᠠᠨ ᠲᠣᠭᠤᠷᠢᠭ ᠲᠠᠬᠢ ᠬᠥᠭᠵᠢᠯᠲᠡ ᠶᠢ ᠪᠦᠬᠦ ᠲᠠᠯ᠎ᠠ ᠪᠠᠷ ᠳᠡᠮᠵᠢᠨ᠎ᠡ᠃ ᠡᠭᠦᠨ ᠤ ᠵᠡᠷᠭᠡᠪᠡᠷ᠂ ᠺᠣᠮᠫᠠᠨᠢ ᠶᠢᠨ ᠬᠢᠨ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠢᠳᠡᠪᠬᠢᠲᠡᠢ ᠪᠠᠳᠠᠷᠠᠭᠤᠯᠵᠤ᠂ ᠰᠦᠩᠱᠠᠨ ᠲᠣᠭᠤᠷᠢᠭ ᠤᠨ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠥᠨᠳᠥᠷ ᠪᠠᠷᠢᠮᠵᠢᠶ᠎ᠠ ᠪᠠᠷ ᠬᠡᠷᠡᠭᠵᠢᠭᠦᠯᠬᠦ᠂ ᠥᠨᠳᠥᠷ ᠦᠷ᠎ᠡ ᠪᠦᠲᠦᠮᠵᠢ ᠲᠠᠢ ᠪᠠᠷ ᠠᠬᠢᠭᠤᠯᠬᠤ ᠶᠢ ᠠᠬᠢᠭᠤᠯᠵᠤ᠂ ᠵᠥᠪᠯᠡᠯᠴᠡᠭᠡᠷ ᠢ ᠠᠯᠢ ᠲᠦᠷᠭᠡᠨ ᠢᠶᠠᠷ ᠦᠨᠡᠨ ᠪᠣᠳᠠᠲᠠᠢ ᠬᠠᠮᠲᠤᠷᠠᠯᠴᠠᠭᠠᠨ ᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠶᠢ ᠬᠦᠰᠡᠵᠦ ᠪᠠᠶᠢᠨ᠎ᠠ᠃        ᠵᠥᠩ ᠬᠠᠨ ᠲᠠᠷᠢᠶᠠᠯᠠᠩ ᠢ ᠬᠦᠭᠵᠢᠭᠦᠯᠬᠦ ︵ᠪᠡᠭᠡᠵᠢᠩ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠲᠤ ᠬᠠᠷᠢᠶᠠᠯᠠᠭᠳᠠᠵᠤ᠂ ᠤᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠮᠡᠷᠭᠡᠵᠢᠯ ᠤᠨ ᠰᠣᠯᠢᠯᠴᠠᠭ᠎ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠷᠠᠭᠤᠯᠤᠯᠲᠠ ᠶᠢ ᠥᠷᠨᠢᠭᠦᠯᠬᠦ ᠶᠢᠨ ᠲᠥᠯᠥᠭᠡ ᠲᠤᠰᠬᠠᠶᠢᠯᠠᠨ ᠪᠠᠶᠢᠭᠤᠯᠤᠭᠰᠠᠨ ᠤᠯᠤᠰ ᠤᠨ ᠲᠡᠰ ᠤᠨ ᠲᠠᠪᠴᠠᠩ ᠤᠨ ᠺᠣᠮᠫᠠᠨᠢ ᠪᠣᠯᠤᠨ᠎ᠠ᠃ ᠬᠤᠶᠠᠷ ᠲᠠᠯ᠎ᠠ ᠪᠠᠷ ᠢᠶᠠᠨ ᠭᠡᠷ᠎ᠡ ᠲᠣᠭᠲᠠᠭᠰᠠᠨ ᠤ ᠳᠠᠷᠠᠭ᠎ᠠ᠂ ᠵᠥᠩ ᠬᠠᠨ ᠲᠠᠷᠢᠶᠠᠯᠠᠩ ᠢ ᠬᠦᠭᠵᠢᠭᠦᠯᠬᠦ ︵ᠪᠡᠭᠡᠵᠢᠩ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠬᠥᠳᠡᠭᠡ ᠲᠣᠰᠬᠤᠨ ᠤ ᠲᠠᠷᠢᠶᠠᠨ ᠭᠠᠵᠠᠷ ᠤᠨ ᠬᠡᠰᠡᠭ ᠪᠤᠰᠠᠭ᠂ ᠣᠷᠣᠨ ᠵᠠᠶ ᠶᠢᠨ ᠪᠠᠶᠢᠷᠢᠰᠢᠯ ᠤᠨ ᠡᠮᠬᠢ ᠵᠠᠮᠪᠠᠷᠠᠭ᠎ᠠ ᠥᠬᠡᠶ᠂ ᠭᠠᠵᠠᠷ ᠰᠢᠷᠣᠶ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠠᠰᠢᠭ ᠢᠶᠠᠷ ᠳᠣᠤᠷ᠎ᠠ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠰᠢᠶᠠᠩ ᠪᠠᠯᠭᠠᠰᠤ ᠪᠠᠷ ᠲᠣᠣᠷ ᠤᠨ ᠨᠢᠭᠡᠴᠢ ᠪᠣᠯᠭᠠᠵᠤ᠂ ᠬᠥᠳᠡᠭᠡ ᠲᠣᠰᠬᠤᠨ ᠤ ᠦᠢᠯᠡᠳᠪᠦᠷᠢᠯᠡᠯ᠂ ᠠᠮᠢᠳᠤᠷᠠᠯ ᠪᠠ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠨᠢᠭᠡᠴᠢ ᠶᠢᠨ ᠳᠣᠲᠣᠷᠠᠬᠢ ᠪᠠᠶᠢᠭᠠᠯᠢ ᠶᠢᠨ ᠡᠬᠢ ᠪᠠᠶᠠᠯᠢᠭ ᠤᠨ ᠪᠦᠬᠦ ᠡᠯᠧᠮᠧᠨ᠋ᠲ ᠢ ᠶᠡᠷᠦᠩᠬᠡᠶᠢᠯᠡᠨ ᠴᠡᠭᠴᠡᠯᠡᠨ ᠵᠠᠰᠠᠵᠤ᠂ ᠠᠮᠢ ᠠᠬᠤᠢ ᠶᠢᠨ ᠪᠦᠲᠦᠭᠡᠭᠳᠡᠬᠦᠨ ᠤ ᠦᠷᠳᠡᠭ ᠢ ᠡᠭᠦᠳᠴᠦ᠂ ᠲᠠᠷᠢᠶᠠᠨ ᠭᠠᠵᠠᠷ ᠲᠦᠪᠯᠡᠷᠡᠭᠰᠡᠨ᠂ ᠲᠠᠷᠢᠶᠠᠯᠠᠩ ᠢ ᠬᠡᠪᠴᠢᠶᠡᠲᠦ ᠡᠵᠡᠩᠨᠡᠭᠰᠡᠨ᠂ ᠦᠵᠡᠰᠬᠦᠯᠡᠩᠲᠦ ᠰᠠᠶᠢᠬᠠᠨ ᠲᠣᠰᠬᠤᠨ ᠪᠠᠯᠭᠠᠰᠤ ᠲᠠᠢ᠂ ᠣᠷᠴᠢᠨ ᠲᠣᠭᠤᠷᠢᠨ ᠨᠢ ᠰᠠᠭᠤᠷᠢᠰᠢᠬᠤ ᠳᠤ ᠲᠣᠬᠢᠷᠠᠮᠵᠢᠲᠠᠢ᠂ ᠠᠵᠤ ᠦᠢᠯᠡᠰ ᠠᠭᠤᠰᠤᠯᠴᠠᠨ ᠬᠥᠭᠵᠢᠭᠰᠡᠨ ᠰᠦᠩᠱᠠᠨ ᠲᠣᠭᠤᠷᠢᠭ ᠢ ᠪᠠᠶᠢᠭᠤᠯᠬᠤ ᠳᠤ ᠬᠦᠴᠦᠨ ᠨᠡᠮᠡᠷᠢᠯᠡᠨ᠎ᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号