ᠰᠦᠩᠱᠠᠨ ᠲᠣᠭᠤᠷᠢᠭ ᠵᠧᠩ ᠸᠧᠢ ᠪᠦᠯᠦᠭᠯᠡᠯ ᠤᠨ ᠤᠯᠠᠭᠠᠨᠬᠠᠳᠠ ᠶᠢᠨ ᠵᠡᠰ ᠢ ᠨᠠᠷᠢᠯᠢᠭ ᠡᠳ᠋ᠰᠢᠭᠦᠯᠬᠦ ᠲᠦᠷᠦᠯ ᠵᠦᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/1/9
       1 ᠳ᠋ᠦ᠋ᠭᠡᠷ ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠵᠧᠩ ᠸᠧᠶ ᠪᠦᠯᠦᠭᠯᠡᠯ ᠤᠨ ᠤᠯᠠᠭᠠᠨᠬᠠᠳᠠ ᠶᠢᠨ ᠵᠡᠰ ᠢ ᠨᠠᠷᠢᠯᠢᠭ ᠡᠳ᠋ᠰᠢᠭᠦᠯᠬᠦ ᠲᠥᠷᠥᠯ ᠵᠦᠢᠯ ᠢ ᠠᠬᠢᠭᠤᠯᠬᠤ ᠬᠤᠷᠠᠯ ᠬᠢᠪᠠ᠃ ᠵᠧᠩ ᠸᠧᠢ ᠶᠢᠨ ᠤᠯᠠᠨ ᠤᠯᠤᠰ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠲᠤᠪᠴᠢᠶ᠎ᠠ ᠶᠢᠨ ᠳᠡᠳ᠋ ᠲᠡᠷᠢᠭᠦᠯᠡᠭᠴᠢ ᠯᠢ ᠪᠢᠨ᠂ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠦᠩ ᠬᠤᠷᠠᠯ ᠳᠤ ᠣᠷᠣᠯᠴᠠᠵᠤ᠂ ᠲᠣᠭᠤᠷᠢᠭ ᠤᠨ ᠤᠳᠤᠷᠢᠳᠤᠯᠭ᠎ᠠ ᠯᠢᠶᠠᠩ ᠮᠢᠩ ᠽᠧ ᠬᠤᠷᠠᠯ ᠢ ᠡᠷᠬᠢᠯᠡᠪᠡ᠃        ᠠᠬᠢᠭᠤᠯᠬᠤ ᠬᠤᠷᠠᠯ ᠳᠡᠭᠡᠷ᠎ᠡ᠂ ᠵᠧᠩ ᠸᠧᠢ ᠤᠯᠠᠨ ᠤᠯᠤᠰ ᠤᠨ ᠪᠦᠯᠦᠭᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠵᠧᠩ ᠸᠧᠢ ᠪᠦᠯᠦᠭᠯᠡᠯ ᠤᠨ ᠤᠯᠠᠭᠠᠨᠬᠠᠳᠠ ᠶᠢᠨ ᠵᠡᠰ ᠢ ᠨᠠᠷᠢᠯᠢᠭ ᠡᠳ᠋ᠰᠢᠭᠦᠯᠬᠦ ᠲᠦᠷᠦᠯ ᠵᠦᠢᠯ ᠤᠨ ᠪᠦᠬᠦᠯᠢ ᠴᠣᠭᠴᠠ ᠶᠢᠨ ᠪᠠᠶᠢᠳᠠᠯ ᠪᠣᠯᠤᠨ ᠳᠠᠷᠠᠭᠠᠴᠢ ᠶᠢᠨ ᠠᠯᠬᠤᠮ ᠤᠨ ᠠᠵᠢᠯ ᠤᠨ ᠲᠤᠬᠢᠷᠠᠭᠤᠯᠤᠯᠳᠠ ᠶᠢ ᠲᠠᠨᠢᠯᠴᠠᠭᠤᠯᠤᠭᠰᠠᠨ ᠪᠥᠭᠡᠳ ᠲᠦᠷᠦᠯ ᠵᠦᠢᠯ ᠢ ᠠᠬᠢᠭᠤᠯᠬᠤ ᠶᠠᠪᠤᠴᠠ ᠳᠤ ᠬᠤᠯᠪᠣᠭᠳᠠᠭᠰᠠᠨ ᠠᠰᠠᠭᠤᠳᠠᠯ ᠤᠨ ᠲᠤᠬᠠᠢ ᠰᠠᠨᠠᠯ ᠳᠤᠷᠠᠳᠴᠤ᠂ ᠰᠦᠩᠱᠠᠨ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠤᠬᠠᠢ ᠶᠢᠨ ᠲᠠᠯᠠᠪᠠᠢ ᠳᠤ ᠬᠠᠷᠢᠭᠤ ᠥᠭᠴᠡᠢ᠃        ᠯᠢ ᠪᠢᠨ ᠵᠢᠭᠠᠵᠤ ᠭᠠᠷᠭᠠᠭᠰᠠᠨ ᠨᠢ᠂ ᠲᠦᠷᠦᠯ ᠵᠦᠢᠯ ᠢ ᠵᠢᠯ ᠤᠨ ᠡᠬᠢᠨ ᠳᠤ ᠡᠬᠢᠯᠡᠨ ᠪᠦᠳᠦᠭᠡᠨ ᠪᠠᠶᠢᠭᠤᠯᠵᠤ᠂ ᠵᠢᠯ ᠤᠨ ᠡᠴᠦᠰ ᠲᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠪᠡᠶᠡᠯᠡᠭᠦᠯᠬᠦ ᠪᠣᠯ ᠨᠢᠭᠡ ᠭᠠᠵᠠᠷ ᠣᠷᠣᠨ ᠤ ᠬᠠᠮᠤᠭ ᠤᠨ ᠰᠠᠶᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠢᠯᠡᠷᠡᠯ ᠪᠣᠯᠤᠨ᠎ᠠ᠃ ᠰᠦᠩᠱᠠᠨ ᠲᠣᠭᠤᠷᠢᠭ ᠤᠨ ᠬᠢᠨ ᠴᠠᠭᠠᠨ ᠰᠠᠷ᠎ᠠ ᠶᠢᠨ ᠡᠮᠦᠨ᠎ᠡ ᠬᠤᠶᠢᠨᠠᠬᠢ ᠡᠨᠡᠬᠦ ᠬᠤᠭᠤᠴᠠᠭᠠᠨ ᠳᠤ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠤᠨ ᠡᠪᠦᠯ ᠤᠨ ᠤᠯᠠᠷᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠲᠦᠷᠦᠯ ᠵᠦᠢᠯ ᠤᠨ ᠭᠠᠷᠳᠠᠮ ᠢ ᠭᠦᠢᠴᠡᠳᠬᠡᠬᠦ ᠠᠬᠢᠴᠠ ᠶᠢ ᠲᠦᠷᠭᠡᠳᠬᠡᠨ ᠠᠬᠢᠭᠤᠯᠵᠤ᠂ ᠲᠦᠷᠦᠯ ᠵᠦᠢᠯ ᠤᠨ ᠪᠦᠬᠦ ᠡᠯᠧᠮᠧᠨ᠋ᠲ ᠤᠨ ᠬᠠᠤᠯᠢ ᠲᠣᠭᠲᠠᠭᠠᠯ ᠳᠤ ᠨᠡᠶᠢᠴᠡᠬᠦ ᠶᠢ ᠪᠠᠲᠤᠯᠠᠬᠤ ᠶᠢ ᠬᠦᠰᠡᠵᠦ ᠪᠠᠶᠢᠨ᠎ᠠ᠃ ᠴᠢᠩᠭ᠎ᠠ ᠬᠦᠴᠦᠲᠡᠢ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢᠨ ᠪᠦᠲᠦᠴᠡ ᠶᠢ ᠲᠦᠷᠭᠡᠨ ᠪᠠᠶᠢᠭᠤᠯᠵᠤ᠂ ᠠᠵᠢᠯ ᠤᠨ ᠬᠤᠪᠢᠶᠠᠷᠢᠯᠠᠯ ᠲᠣᠳᠣᠷᠬᠠᠢ᠂ ᠥᠨᠳᠥᠷ ᠪᠦᠲᠦᠮᠵᠢᠲᠡᠢ ᠠᠵᠢᠯᠯᠠᠬᠤ ᠶᠢ ᠪᠡᠶᠡᠯᠡᠭᠦᠯᠵᠦ᠂ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢᠨ ᠪᠦᠳᠦᠭᠡᠨ ᠪᠠᠶᠢᠭᠤᠯᠤᠯᠲᠠ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠶᠢ ᠬᠦᠰᠡᠵᠦ ᠪᠠᠶᠢᠨ᠎ᠠ᠃ ᠴᠠᠭ ᠤᠨ ᠬᠦᠰᠦᠨᠦᠭ ᠲᠣᠭᠲᠠᠭᠠᠵᠤ᠂ ᠵᠠᠮ ᠱᠤᠭᠤᠮ ᠤᠨ ᠵᠢᠷᠤᠭ ᠢᠶᠠᠨ ᠲᠣᠳᠣᠷᠬᠠᠶᠢᠯᠠᠵᠤ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠶᠢ ᠬᠦᠰᠡᠵᠦ ᠪᠠᠶᠢᠨ᠎ᠠ᠃ ᠵᠧᠩ ᠸᠧᠢ ᠤᠯᠠᠨ ᠤᠯᠤᠰ ᠤᠨ ᠪᠦᠯᠦᠭᠯᠡᠯ ᠴᠦ ᠭᠡᠷ᠎ᠡ ᠶᠢ ᠵᠢᠷᠤᠮᠯᠠᠵᠤ᠂ ᠠᠮᠠᠯᠠᠯᠲᠠ ᠪᠠᠨ ᠭᠦᠢᠴᠡᠳᠬᠡᠵᠦ᠂ ᠰᠦᠩᠱᠠᠨ ᠲᠣᠭᠤᠷᠢᠭ ᠲᠠᠢ ᠬᠠᠮᠲᠤᠪᠠᠷ ᠬᠦᠴᠦᠯᠡᠵᠦ᠂ ᠲᠦᠷᠦᠯ ᠵᠦᠢᠯ ᠢ ᠡᠷᠲᠡᠬᠡᠨ ᠳᠠᠭᠤᠰᠬᠠᠵᠤ᠂ ᠦᠢᠯᠡᠳᠪᠦᠷᠢᠯᠡᠯ ᠳᠤ ᠣᠷᠣᠭᠤᠯᠵᠤ᠂ ᠦᠷ᠎ᠡ ᠪᠦᠲᠦᠮᠵᠢ ᠤᠯᠬᠤ ᠪᠠᠷ ᠴᠢᠷᠮᠠᠶᠢᠵᠤ᠂ ᠰᠦᠩᠱᠠᠨ ᠲᠣᠭᠤᠷᠢᠭ ᠤᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠠᠵᠤ ᠦᠢᠯᠡᠰ ᠤᠨ ᠬᠥᠭᠵᠢᠨ ᠪᠤᠵᠠᠭᠠᠢᠢᠷᠠᠬᠤ ᠳᠤ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃        ᠵᠦᠩ ᠴᠢᠩ ᠰᠦᠩ ᠴᠢᠬᠤᠯᠠᠴᠢᠯᠠᠭᠰᠠᠨ ᠨᠢ᠂ ᠵᠧᠩ ᠸᠧᠢ ᠤᠯᠠᠨ ᠤᠯᠤᠰ ᠤᠨ ᠪᠦᠯᠦᠭᠯᠡᠯ ᠤᠨ ᠲᠡᠮᠦᠷᠯᠢᠭ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠪᠣᠯ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠳᠠ ᠶᠢᠨ ᠭᠤᠣᠯᠳᠠᠯᠭ᠎ᠠ ᠲᠠᠢ ᠲᠦᠷᠦᠯ ᠵᠦᠢᠯ ᠪᠣᠯᠤᠨ᠎ᠠ᠂ ᠮᠥᠨᠴᠦ ᠰᠦᠩᠱᠠᠨ ᠲᠣᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠴᠢᠬᠤᠯᠠ ᠭᠠᠷᠳᠠᠴᠠ ᠪᠣᠯᠤᠨ᠎ᠠ᠃ ᠰᠦᠩᠱᠠᠨ ᠲᠣᠭᠤᠷᠢᠭ ᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠵᠧᠩ ᠸᠧᠢ ᠶᠢᠨ ᠤᠯᠠᠨ ᠤᠯᠤᠰ ᠤᠨ ᠪᠦᠯᠦᠭᠯᠡᠯ ᠯᠦᠭᠡ ᠶᠢᠨ ᠨᠡᠪᠲᠡᠷᠡᠯᠴᠡᠭᠡ ᠵᠣᠯᠭᠠᠯᠴᠠᠭ᠎ᠠ ᠶᠢᠨ ᠡᠷᠴᠢᠮ ᠢ ᠴᠢᠩᠭᠠᠷᠠᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠨᠠᠷᠢᠨ ᠲᠠᠩᠰᠠ ᠲᠠᠢ ᠬᠠᠷᠢᠴᠠᠭᠤᠯᠵᠤ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠳᠤ ᠣᠷᠣᠰᠢᠵᠤ ᠪᠠᠶᠢᠭ᠎ᠠ ᠲᠦᠭᠵᠢᠷᠡᠯ ᠤᠨ ᠴᠡᠭ ᠬᠦᠴᠢᠷ ᠠᠰᠠᠭᠤᠳᠠᠯ ᠢ ᠨᠢᠭᠡᠳ ᠨᠢᠭᠡ ᠪᠠᠷ ᠡᠮᠬᠢᠯᠡᠵᠦ᠂ ᠴᠢᠭᠯᠡᠭᠦᠯᠬᠦ ᠴᠢᠨᠠᠷᠲᠠᠢ ᠪᠠᠷ ᠲᠥᠪᠯᠡᠷᠡᠭᠦᠯᠦᠨ ᠪᠣᠭᠤᠮᠲᠠ ᠰᠢᠪᠲᠤᠯᠬᠤ ᠶᠢ ᠥᠷᠨᠢᠭᠦᠯᠵᠦ᠂ ︽ᠲᠦᠷᠦᠯ ᠵᠦᠢᠯ ᠤᠨ ᠪᠠᠷᠢᠯᠭ᠎ᠠ ᠶᠢᠨ ᠡᠪᠦᠯ ᠤᠨ ᠰᠡᠯᠡᠭᠦᠦ ᠬᠤᠭᠤᠴᠠᠭ᠎ᠠ︾ ᠶᠢ ︽ᠭᠠᠷᠳᠠᠮ ᠢ ᠭᠦᠢᠴᠡᠳᠬᠡᠬᠦ ᠰᠢᠵᠢᠷ ᠠᠯᠳᠠᠨ ᠬᠤᠭᠤᠴᠠᠭ᠎ᠠ︾ ᠪᠣᠯᠭᠠᠨ ᠬᠤᠪᠢᠷᠠᠭᠤᠯᠵᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠠᠪᠤᠴᠠ ᠳᠠᠬᠢ ᠪᠣᠭᠤᠮᠢ ᠶᠢᠨ ᠬᠢᠵᠠᠭᠠᠷᠯᠠᠯ ᠢ ᠦᠨᠡᠨᠬᠦ  ᠰᠢᠢᠳᠪᠦᠷᠢᠯᠡᠬᠦ ᠬᠡᠷᠡᠭᠲᠡᠢ᠃ ᠲᠥᠷᠥᠯ ᠵᠦᠢᠯ ᠤᠨ ᠲᠤᠰᠬᠠᠶ ᠠᠩᠭᠢ ᠶᠢᠨ ᠡᠵᠡᠩᠨᠡᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ︽ᠬᠠᠮᠢᠶᠠᠷᠤᠭᠴᠢ ᠮᠠᠶ᠋ᠢᠭ︾ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠠᠯᠠ ᠣᠷᠣᠭᠤᠯᠵᠤ ᠪᠠᠯᠠ ᠳᠣᠭᠢᠷᠠᠭᠤᠯᠬᠤ᠂ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠬᠦᠴᠦᠨ ᠵᠦᠢᠯ ᠤᠨ ᠬᠠᠩᠭᠠᠯᠭ᠎ᠠ ᠶᠢᠨ ᠲᠠᠯ᠎ᠠ ᠪᠠᠷ ᠬᠤᠷᠳᠤᠴᠠ ᠪᠠᠨ ᠲᠦᠷᠭᠡᠳᠬᠡᠵᠦ᠂ ᠠᠵᠢᠯ ᠡᠬᠢᠯᠡᠭᠦᠯᠬᠦ᠂ ᠪᠥᠲᠥᠭᠡᠨ ᠪᠠᠶᠢᠭᠤᠯᠬᠤ᠂ ᠡᠵᠡᠩᠨᠡᠬᠦ ᠵᠡᠷᠭᠡ ᠠᠳᠠᠯᠢ ᠪᠤᠰᠤ ᠱᠠᠲᠤ ᠦᠶ᠎ᠡ ᠶᠢᠨ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠨᠠᠷᠢᠯᠢᠭ ᠣᠨᠣᠴᠠᠲᠠᠶ ᠪᠠᠷ ᠦᠢᠯᠡᠴᠢᠯᠡᠬᠦ ᠶᠢ ᠬᠡᠷᠡᠭᠵᠢᠭᠦᠯᠵᠦ᠂ ᠡᠯ᠎ᠡ ᠰᠠᠯᠠᠭ᠎ᠠ ᠮᠥᠴᠢᠷ ᠤᠳ ᠲᠠᠰ ᠳᠠᠷᠠᠭᠠᠯᠠᠯ ᠢ ᠰᠢᠯᠢᠳᠡᠭᠵᠢᠭᠦᠯᠦᠨ᠂ ᠴᠤᠪᠤᠷᠠᠯ ᠢ ᠳᠥᠭᠦᠮᠴᠢᠯᠡᠵᠦ᠂ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠥᠷᠥᠯ ᠵᠦᠢᠯ ᠤᠨ ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠭᠦᠯᠬᠦ ᠳᠤ ᠠᠰᠢᠭᠲᠠᠶ ᠨᠥᠬᠦᠴᠡᠯ ᠢ ᠡᠭᠦᠳᠬᠦ ᠬᠡᠷᠡᠭᠲᠡᠶ᠃ ᠲᠦᠷᠦᠯ ᠵᠦᠢᠯ ᠢ ᠫᠠᠶᠢᠰᠠ ᠡᠯᠭᠦᠨ ᠱᠠᠯᠠᠪᠳᠠᠭᠤᠯᠬᠤ ᠲᠦᠷᠢᠮ ᠢ ᠬᠡᠷᠡᠭᠵᠢᠭᠦᠯᠵᠦ᠂ ᠶᠡᠷᠦᠩᠬᠡᠢ ᠴᠠᠭ ᠤᠨ ᠬᠢᠵᠠᠭᠠᠷ᠂ ᠠᠯᠬᠤᠮ ᠪᠦᠷᠢ ᠶᠢᠨ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠰᠠᠯᠠᠭ᠎ᠠ ᠮᠥᠴᠢᠷ᠂ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠲᠠᠢ ᠨᠢᠭᠲᠠ ᠤᠶᠠᠯᠳᠤᠭᠤᠯᠤᠨ ᠠᠮᠠᠯᠠᠯᠲᠠ ᠪᠠᠨ ᠴᠠᠭ ᠲᠤᠬᠠᠢ ᠳᠤᠨᠢ ᠪᠡᠶᠡᠯᠡᠭᠦᠯᠵᠦ᠂ ᠲᠦᠷᠦᠯ ᠵᠦᠢᠯ ᠢ 4 ᠰᠠᠷ᠎ᠠ ᠳᠤ ᠠᠵᠢᠯ ᠡᠬᠢᠯᠡᠭᠦᠯᠦᠨ ᠪᠦᠳᠦᠭᠡᠨ ᠪᠠᠶᠢᠭᠤᠯᠵᠤ᠂ ᠵᠢᠯ ᠤᠨ ᠡᠴᠦᠰ ᠲᠤ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠤᠯᠬᠤ ᠶᠢ ᠬᠦᠴᠦᠯᠡᠨ ᠠᠬᠢᠭᠤᠯᠬᠤ ᠬᠡᠷᠡᠭᠲᠡᠢ᠃ ᠤᠯᠠᠭᠠᠨᠬᠠᠳᠠ ᠬᠤᠲᠠ ᠵᠢᠴᠢ ᠡᠷᠬᠢᠨ ᠲᠣᠭᠤᠷᠢᠨ ᠤ ᠲᠡᠮᠦᠷᠯᠢᠭ ᠤᠨ ᠰᠢᠨ᠎ᠡ ᠮᠠᠲ᠋ᠧᠷᠢᠶᠠᠯ ᠤᠨ ᠠᠵᠤ  ᠦᠢᠯᠡᠰ ᠤᠨ ᠳᠡᠭᠡᠳᠦ ᠳᠣᠤᠷᠠᠳᠤ ᠤᠷᠤᠰᠬᠠᠯ ᠤᠨ ᠠᠵᠤ ᠠᠬᠤᠶᠢᠯᠠᠯ ᠪᠠ ᠲᠡᠮᠦᠷᠯᠢᠭ ᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠭᠦᠢᠴᠡᠳ ᠡᠮᠬᠢᠯᠡᠨ ᠨᠡᠶᠢᠯᠡᠭᠦᠯᠵᠦ᠂ ᠵᠧᠩ ᠸᠧᠶ ᠶᠢᠨ ᠤᠯᠠᠭᠠᠨᠬᠠᠳᠠ ᠶᠢᠨ ᠲᠡᠮᠦᠷᠯᠢᠭ ᠤᠨ ᠮᠠᠲ᠋ᠧᠷᠢᠶᠠᠯ ᠤᠨ ᠠᠵᠤ ᠦᠢᠯᠡᠰ ᠤᠨ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠰᠢᠰᠲ᠋ᠧᠮᠵᠢ ᠶᠢ ᠪᠣᠶ ᠪᠣᠯᠭᠠᠵᠤ᠂ ᠠᠵᠤ ᠦᠢᠯᠡᠰ ᠤᠨ ᠳᠠᠶᠢᠴᠢᠯᠠᠬᠤ ᠦᠢᠯᠡᠳᠦᠯ ᠢᠶᠠᠷ ᠳᠠᠮᠵᠢᠭᠤᠯᠤᠨ ᠵᠡᠰ ᠤᠨ ᠠᠭᠤᠷᠬᠠᠶ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠪᠡᠶᠡᠯᠡᠭᠦᠯᠵᠦ᠂ ᠠᠵᠤ ᠦᠢᠯᠡᠰ ᠤᠨ ᠲᠥᠪᠯᠡᠷᠡᠯ ᠢ ᠦᠨᠡᠨᠬᠦ ᠪᠡᠶᠡᠯᠡᠭᠦᠯᠬᠦ ᠬᠡᠷᠡᠭᠲᠡᠶ᠃        ᠵᠦᠩ ᠴᠢᠩ ᠰᠦᠩ᠂ ᠰᠦᠩᠱᠠᠨ ᠲᠣᠭᠤᠷᠢᠭ ᠤᠨ ᠬᠢᠨ ᠵᠧᠩ ᠸᠧᠢ ᠪᠦᠯᠦᠭᠯᠡᠯ ᠢ ᠬᠠᠮᠤᠭ ᠤᠨ ᠴᠢᠬᠤᠯᠠ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠢᠶᠠᠷ ᠦᠵᠡᠵᠦ᠂ ᠪᠦᠬᠦ ᠬᠦᠴᠦᠨ ᠢᠶᠠᠷ ᠢᠶᠠᠨ ᠵᠧᠩ ᠸᠧᠢ ᠪᠦᠯᠦᠭᠯᠡᠯ ᠤᠨ ᠰᠦᠩᠱᠠᠨ ᠲᠣᠭᠤᠷᠢᠭ ᠲᠠᠬᠢ ᠦᠢᠯᠡᠰ ᠢ ᠬᠠᠮᠠᠭᠠᠯᠠᠵᠤ᠂ ᠲᠦᠷᠦᠯ ᠵᠦᠢᠯ ᠢ ᠠᠬᠢᠭᠤᠯᠤᠨ ᠬᠡᠷᠡᠭᠵᠢᠭᠦᠯᠬᠦ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠡᠭᠦᠳᠴᠦ᠂ ᠬᠠᠮᠤᠭ ᠤᠨ ᠰᠢᠯᠢᠳᠡᠭ ᠦᠢᠯᠡᠴᠢᠯᠡᠭᠡ ᠬᠠᠩᠭᠠᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ᠂ ᠦᠷᠭᠦᠯᠵᠢᠯᠡᠨ ᠬᠥᠭᠵᠢᠬᠦ ᠶᠢ ᠪᠠᠲᠤᠯᠠᠨ᠎ᠠ ᠭᠡᠵᠦ ᠢᠯᠡᠳᠬᠡᠪᠡ᠃        2022 ᠣᠨ ᠤ 12 ᠰᠠᠷ᠎ᠠ ᠶᠢᠨ 13 ᠤ ᠡᠳᠦᠷ᠂ ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠵᠧᠩ ᠸᠧᠢ ᠤᠯᠠᠨ ᠤᠯᠤᠰ ᠤᠨ ᠪᠦᠯᠦᠭᠯᠡᠯ ᠲᠠᠢ ᠤᠯᠠᠭᠠᠨᠬᠠᠳᠠ ᠶᠢᠨ ᠲᠡᠮᠦᠷᠯᠢᠭ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠲᠤᠬᠠᠢ ᠵᠧᠩ ᠸᠧᠢ ᠤᠯᠠᠨ ᠤᠯᠤᠰ ᠤᠨ ᠪᠦᠯᠦᠭᠯᠡᠯ ᠤᠨ ᠱᠧᠨᠵᠧᠨ ᠤ ᠶᠡᠷᠦᠩᠬᠡᠢ ᠭᠠᠵᠠᠷ ᠲᠤ ᠭᠡᠷ᠎ᠡ ᠲᠣᠭᠲᠠᠵᠠᠢ᠃ ᠭᠡᠷ᠎ᠡ ᠲᠣᠭᠲᠠᠭᠰᠠᠨ ᠤ ᠲᠠᠷᠠᠭ᠎ᠠ᠂ ᠬᠤᠶᠠᠷ ᠲᠠᠯ᠎ᠠ ᠪᠠᠷ ᠢᠶᠠᠨ ᠤᠯᠤᠯᠴᠠᠭ᠎ᠠ ᠪᠠᠨ ᠴᠢᠩᠭᠠᠳᠬᠠᠵᠤ᠂ ᠤᠯᠠᠨ ᠤᠳᠠᠭ᠎ᠠ ᠸᠢᠳᠢᠣ᠋ ᠪᠠᠷ ᠬᠠᠷᠢᠯᠴᠠᠵᠤ᠂ ᠲᠤᠰᠬᠠᠢ ᠠᠩᠬᠢ ᠪᠠᠶᠢᠭᠤᠯᠵᠤ ᠲᠦᠷᠦᠯ ᠵᠦᠢᠯ ᠤᠨ ᠠᠬᠢᠴᠠ ᠶᠢ ᠲᠦᠷᠭᠡᠳᠬᠡᠪᠡ᠃ ᠣᠳᠣᠬᠠᠨ ᠳᠤ᠂ ᠲᠥᠷᠥᠯ ᠵᠦᠢᠯ ᠤᠨ ᠺᠣᠮᠫᠠᠨᠢ ᠨᠢᠭᠡᠨᠲᠡ ᠪᠠᠶᠢᠭᠤᠯᠤᠭᠳᠠᠵᠤ᠂ ᠡᠮᠦᠨᠡᠬᠢ ᠬᠤᠭᠤᠴᠠᠭᠠᠨ ᠤ ᠠᠵᠢᠯ ᠡᠮᠬᠢ ᠵᠢᠷᠤᠮ ᠲᠠᠢ ᠶᠠᠪᠤᠭᠳᠠᠵᠤ ᠪᠣᠶ᠃        1 ᠰᠠᠷ᠎ᠠ ᠶᠢᠨ 6 ᠤ ᠦᠳᠡ ᠶᠢᠨ ᠡᠮᠦᠨ᠎ᠡ᠂ ᠯᠢ ᠪᠢᠨ ᠨᠠᠷ ᠪᠠᠰᠠ ᠠᠩᠴᠢᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠦᠷᠦᠯ ᠵᠦᠢᠯ ᠤᠨ ᠭᠠᠵᠠᠷ ᠲᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠯᠲᠠ  ᠬᠢᠪᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号