10 ᠰᠠᠷ᠎ᠠ ᠶᠢᠨ 10 ᠤ ᠡᠳᠦᠷ᠂ ᠰᠦᠩᠱᠠᠨ ᠲᠣᠭᠤᠷᠢᠭ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠰᠬᠤᠨ ᠳᠤ ᠰᠠᠭᠤᠬᠤ ᠠᠵᠢᠯᠯᠠᠬᠤ ᠠᠩᠬᠢ ᠶᠢᠨ ᠲᠦᠷᠦ ᠶᠢᠨ ᠪᠤᠳᠤᠯᠭ᠎ᠠ ᠤᠨᠤᠯ ᠤᠨ ᠪᠣᠯᠪᠠᠰᠤᠷᠠᠯ | ᠤᠨ ᠠᠩᠬᠢ ᠡᠷᠬᠢᠯᠡᠪᠡ᠃ ᠬᠤᠲᠠ ᠶᠢᠨ ᠰᠦᠩᠱᠠᠨ ᠲᠣᠭᠤᠷᠢᠭ ᠲᠤ ᠲᠣᠮᠢᠯᠠᠨ ᠰᠠᠭᠤᠯᠭᠠᠭᠰᠠᠨ ᠲᠣᠰᠬᠤᠨ ᠳᠤ | ᠰᠠᠭᠤᠭ᠎ᠠ ᠬᠥᠮᠦᠰ᠂ ᠲᠣᠭᠤᠷᠢᠭ ᠤᠨ ᠰᠢᠭᠤᠳ ᠬᠠᠷᠢᠶ᠎ᠠ ᠨᠢᠭᠡᠴᠡ᠂ ᠡᠯ᠎ᠡ ᠰᠢᠶᠠᠩ ᠪᠠᠯᠭᠠᠰᠤ ᠠᠴᠠ ᠲᠣᠮᠢᠯᠠᠭᠰᠠᠨ | ᠲᠣᠰᠬᠤᠨ ᠳᠤ ᠰᠠᠭᠤᠬᠤ ᠠᠵᠢᠯᠯᠠᠬᠤ ᠠᠩᠬᠢ ᠶᠢᠨ ᠪᠦᠷᠢᠯᠳᠦᠬᠦᠨ᠂ ᠡᠯ᠎ᠡ ᠰᠢᠶᠠᠩ ᠪᠠᠯᠭᠠᠰᠤ ᠶᠢᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠰᠲ᠋ᠧᠮ ᠤᠨ ᠠᠵᠢᠯᠲᠠᠳ ᠪᠣᠯᠪᠠᠰᠤᠷᠠᠯ ᠳᠤ ᠤᠷᠤᠯᠴᠠᠪᠠ᠃ | ᠪᠣᠯᠪᠠᠰᠤᠷᠠᠯ ᠳᠤ ᠲᠣᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠲᠣᠭᠤᠷᠢᠭ ᠤᠨ | ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ | ᠵᠡᠷᠭᠡ ᠨᠢᠭᠡᠴᠡ ᠶᠢᠨ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠢ ᠤᠷᠢᠵᠤ ᠲᠣᠰᠬᠤᠨ ᠳᠤ ᠰᠠᠭᠤᠬᠤ | ᠠᠵᠢᠯ ᠤᠨ ᠠᠩᠬᠠᠷᠬᠤ ᠵᠦᠢᠯᠡᠰ ᠵᠢᠴᠢ ᠡᠮ ᠡᠮᠨᠡᠯᠭᠡ ᠶᠢᠨ ᠳᠠᠭᠠᠳᠬᠠᠯ᠂ ᠨᠤᠷᠠᠬᠤ ᠠᠶᠤᠯᠲᠠᠶ ᠬᠡᠷ ᠪᠠᠶᠢᠰᠢᠩ ᠢ | ᠥᠭᠡᠷᠡᠴᠢᠯᠡᠬᠦ᠂ ᠰᠣᠷᠣᠭᠴᠢ ᠶᠢ ᠲᠤᠰᠠᠯᠠᠬᠤ᠂ ᠨᠡᠶᠢᠭᠡᠮ ᠤᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ᠂ ᠳᠠᠬᠢᠨ | ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ | ᠵᠡᠷᠭᠡ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠨᠠᠷᠢᠨ ᠲᠠᠶᠢᠯᠤᠮᠵᠢ ᠬᠢᠯᠭᠡᠪᠡ᠃ ᠡᠭᠦᠨ ᠤ ᠬᠠᠮᠲᠤ | ᠱᠠᠭᠠᠷᠳᠠᠭᠰᠠᠨ ᠨᠢ᠂ ᠲᠣᠰᠬᠤᠨ ᠳᠤ ᠰᠠᠭᠤᠭ᠎ᠠ ᠺᠠᠳ᠋ᠷ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ | ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ | ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ︔ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ | ᠴᠢᠳᠠᠪᠤᠷᠢ ᠪᠠᠨ ᠳᠡᠭᠡᠭᠰᠢᠯᠡᠭᠦᠯᠵᠦ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠳᠤᠮᠳᠠ | ᠬᠠᠷᠢᠭᠤᠴᠠᠯᠭ᠎ᠠ ᠪᠠᠨ ᠦᠨᠡᠨᠬᠦ ᠴᠢᠩᠭᠠᠳᠬᠠᠵᠤ᠂ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠬᠦ ᠬᠡᠷᠡᠭᠲᠡᠢ︔ ᠥᠪᠡᠷ ᠤᠨ | ᠬᠠᠮᠢᠶᠠᠷᠤᠯᠲᠠ ᠪᠠᠨ ᠴᠢᠩᠳᠠᠯᠠᠵᠤ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠤᠨ ᠡᠭᠦᠷᠭᠡ ᠪᠠ | ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠶ᠃ |