ᠪᠡᠭᠡᠵᠢᠩ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ ᠰᠦᠩᠱᠠᠨ ᠲᠤᠭᠤᠷᠢᠭ ᠲᠤ ᠢᠷᠡᠵᠦ ︽ᠤᠯᠠᠭᠠᠨᠬᠠᠳᠠ ᠪᠡᠭᠡᠵᠢᠩ ᠶᠢᠨ ᠮᠡᠳᠡᠯᠭᠡ ᠶᠢ ᠵᠤᠯᠭᠠᠭᠤᠯᠬᠤ︾ ᠰᠤᠷᠭᠠᠨ ᠬᠥᠮᠦᠵᠢᠯ ᠢ ᠳᠡᠮᠵᠢᠬᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/10/11
   10 ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ᠂ ᠰᠦᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠪᠡᠭᠡᠵᠢᠩ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ᠂ ᠪᠡᠭᠡᠵᠢᠩ ᠤᠨ ᠴᠠᠩ ᠷᠦᠢ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠲᠠᠢ ᠬᠤᠯᠪᠣᠭᠠᠯᠠᠨ ᠰᠤᠷᠭᠠᠨ ᠬᠥᠮᠦᠵᠢᠯ ᠢ ᠳᠡᠮᠵᠢᠬᠦ ᠠᠵᠢᠯᠯᠠᠭ᠎ᠠ ᠦᠷᠨᠢᠭᠦᠯᠪᠡ᠃    ᠲᠣᠰ ᠤᠳᠠᠭᠠᠨ ᠤ ᠰᠤᠷᠭᠠᠨ ᠬᠥᠮᠦᠵᠢᠯ ᠢ ᠳᠡᠮᠵᠢᠬᠦ ᠠᠵᠢᠯᠯᠠᠭ᠎ᠠ ᠶᠢ ᠤᠯᠠᠭᠠᠨᠬᠠᠳᠠ ᠶᠢᠨ ᠤᠯᠠᠭᠠᠨ ᠲᠤᠭ ᠳᠤᠮᠳᠠᠳᠤ ᠰᠤᠷᠭᠠᠭᠤᠯᠢ᠂ ᠰᠦᠩᠱᠠᠨ ᠤ ᠭᠠᠳᠠᠭᠠᠳᠤ ᠬᠡᠯᠡᠨ ᠤ ᠰᠤᠷᠭᠠᠭᠤᠯᠢ ᠵᠡᠷᠭᠡ ᠲᠤᠯᠤᠭᠠᠨ ᠰᠤᠷᠭᠠᠭᠤᠯᠢ ᠳᠤ ᠲᠣᠰ ᠲᠣᠰ ᠥᠷᠨᠢᠭᠦᠯᠵᠦ᠂ ᠨᠡᠶᠢᠲᠡ 3000 ᠭᠠᠷᠤᠶ ᠰᠣᠷᠣᠭᠴᠢ ᠣᠷᠣᠯᠴᠠᠪᠠ᠃ ᠲᠣᠰ ᠠᠵᠢᠯᠯᠠᠭ᠎ᠠ ᠨᠢ ᠤᠷᠮᠠᠰᠢᠭᠤᠯᠤᠨ ᠵᠣᠷᠢᠭᠵᠢᠭᠤᠯᠬᠤ ᠵᠢᠴᠢ ᠰᠤᠷᠤᠯᠴᠠᠬᠤ ᠠᠷᠭ᠎ᠠ ᠶᠢᠨ ᠲᠠᠶᠢᠯᠤᠮᠵᠢ᠂ ᠬᠠᠤᠯᠢ ᠲᠦᠭᠡᠮᠡᠯᠵᠢᠭᠦᠯᠬᠦ ᠲᠠᠶᠢᠯᠤᠮᠵᠢ᠂ ᠬᠡᠪ ᠴᠢᠨᠠᠷ ᠢ ᠥᠷᠭᠡᠳᠬᠡᠬᠦ᠂ ᠰᠢᠯᠢᠳᠡᠭ ᠰᠤᠷᠤᠭᠴᠢ ᠶᠢᠨ ᠶᠠᠷᠢᠯᠴᠠᠬᠤ ᠬᠤᠷᠠᠯ ᠵᠡᠷᠭᠡ ᠳᠥᠷᠪᠡᠨ ᠬᠡᠰᠡᠭ  ᠬᠤᠪᠢᠶᠠᠪᠠ᠃    ᠰᠠᠶᠢᠨ ᠳᠤᠷ᠎ᠠ ᠶᠢᠨ ᠠᠵᠢᠯᠯᠠᠭᠴᠢ ᠥᠪᠡᠷ ᠤᠨ ᠦᠰᠦᠨ ᠪᠤᠶᠢᠵᠢᠭᠰᠠᠨ ᠥᠩᠭᠡᠷᠡᠯᠲᠡ ᠲᠠᠢ ᠪᠠᠨ ᠤᠶᠠᠯᠳᠤᠭᠤᠯᠤᠨ ᠂ ᠬᠡᠷᠬᠢᠨ ᠥᠨᠳᠥᠷ ᠪᠦᠲᠦᠮᠵᠢᠲᠡᠶ ᠪᠠᠷ ᠰᠤᠷᠤᠯᠴᠠᠬᠤ ᠵᠡᠷᠭᠡ ᠠᠭᠤᠯᠭ᠎ᠠ ᠶᠢᠨ ᠲᠣᠭᠤᠷᠢᠨ ᠳᠤ ᠬᠤᠪᠢᠶᠠᠨ ᠡᠳ᠋ᠯᠡᠬᠦ ᠶᠢᠨ ᠬᠠᠮᠲᠤ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠵᠥᠪ ᠶᠢᠷᠲᠢᠨᠴᠦ ᠶᠢᠨ ᠦᠵᠡᠯᠲᠡ᠂ ᠠᠮᠢᠳᠤᠷᠠᠬᠤᠶ ᠶᠢᠨ ᠦᠵᠡᠯᠲᠡ᠂ ᠦᠷᠳᠡᠭ ᠤᠨ ᠦᠵᠡᠯᠲᠡ ᠲᠠᠢ ᠪᠣᠯᠭᠠᠪᠠ︔ ᠨᠡᠶᠢᠭᠡᠮ ᠤᠨ ᠬᠠᠯᠠᠮᠰᠢᠯ ᠰᠡᠳᠦᠪ ᠲᠠᠢ ᠤᠶᠠᠯᠳᠤᠭᠤᠯᠤᠨ᠂ ᠰᠢᠨ᠎ᠡ ᠰᠣᠷᠭᠤᠭ ᠬᠡᠷᠡᠭ ᠤᠨ ᠵᠢᠱᠢᠶ᠎ᠡ ᠶᠢ ᠲᠤᠰᠬᠠᠶ ᠮᠡᠷᠭᠡᠵᠢᠯ ᠤᠨ ᠬᠠᠤᠯᠢ ᠴᠠᠭᠠᠵᠠ ᠶᠢᠨ ᠮᠡᠳᠡᠯᠭᠡ ᠲᠠᠢ ᠤᠶᠠᠯᠳᠤᠭᠤᠯᠤᠨ ᠲᠠᠶᠢᠯᠪᠤᠷᠢᠯᠠᠵᠤ᠂ ᠰᠤᠷᠤᠭᠴᠢᠳ ᠢ ᠬᠡᠷᠬᠢᠨ ᠬᠠᠤᠯᠢ ᠴᠠᠭᠠᠵᠠ ᠶᠢᠨ ᠵᠡᠪᠰᠡᠭ ᠢᠶᠠᠷ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠵᠤ᠂ ᠬᠠᠤᠯᠢ ᠰᠠᠬᠢᠯᠭ᠎ᠠ ᠶᠢ ᠵᠢᠷᠤᠮᠯᠠᠨ ᠬᠠᠤᠯᠢ ᠴᠠᠭᠠᠵᠠ ᠶᠢ ᠰᠠᠬᠢᠳᠠᠭ ᠰᠠᠶᠢᠨ ᠵᠠᠯᠠᠭᠤᠴᠤᠳ ᠪᠣᠯᠬᠤ ᠶᠢ ᠬᠦᠮᠦᠵᠢᠭᠦᠯᠪᠡ᠃ ᠰᠠᠶᠢᠨ ᠳᠤᠷ᠎ᠠ ᠶᠢᠨ ᠠᠵᠢᠯᠯᠠᠭᠴᠢ ᠪᠠᠰᠠ ᠥᠷᠭᠡᠨ ᠤᠯᠠᠨ ᠰᠤᠷᠤᠭᠴᠢᠳ ᠲᠤ ᠥᠪᠡᠷ ᠤᠨ ᠪᠡᠭᠡᠵᠢᠩ ᠶᠡᠭᠡ ᠰᠤᠷᠭᠠᠭᠤᠯᠢ ᠳᠠᠬᠢ ᠰᠤᠷᠤᠯᠴᠠᠯᠭ᠎ᠠ ᠪᠠ ᠠᠮᠢᠳᠤᠷᠠᠯ ᠤᠨ ᠥᠩᠭᠡᠷᠡᠯᠲᠡ ᠪᠠᠨ ᠲᠠᠨᠢᠯᠴᠠᠭᠤᠯᠵᠤ᠂ ᠤᠯᠠᠨ ᠤ ᠲᠤᠰᠬᠠᠢ ᠮᠡᠷᠭᠡᠵᠢᠯ ᠤᠨ ᠵᠣᠷᠢᠯᠲᠠ᠂ ᠶᠡᠭᠡ ᠳᠡᠭᠡᠳᠦ ᠰᠤᠷᠭᠠᠭᠤᠯᠢ ᠶᠢᠨ ᠨᠢᠭᠡᠳᠦᠯᠲᠡᠢ ᠰᠢᠯᠭᠠᠯᠲᠠ ᠶᠢᠨ ᠪᠡᠯᠡᠳᠬᠡᠯ ᠵᠡᠷᠭᠡ ᠲᠠᠯ᠎ᠠ ᠶᠢᠨ ᠠᠰᠠᠭᠤᠳᠠᠯ ᠳᠤ ᠬᠠᠷᠢᠭᠤᠯᠲᠠ ᠥᠭᠴᠦ᠂ ᠲᠡᠳᠡᠨ ᠤ ᠬᠦᠰᠡᠯ ᠵᠡᠭᠦᠳᠦ ᠪᠠᠨ ᠬᠥᠭᠡᠭᠡᠴᠡᠯᠳᠦᠬᠦ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠳᠤ ᠬᠦᠴᠦᠨ ᠨᠡᠮᠡᠷᠢᠯᠡᠪᠡ᠃    ᠣᠶᠢᠯᠠᠭᠠᠭᠰᠠᠨ ᠢᠶᠠᠷ᠂ ᠪᠡᠭᠡᠵᠢᠩ ᠤᠨ ᠴᠠᠩ ᠷᠦᠢ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦ ᠠᠴᠠ 2020 ᠣᠨ ᠤ 11 ᠰᠠᠷ᠎ᠠ ᠳᠤ ᠤᠯᠠᠭᠠᠨᠬᠠᠳᠠ ᠶᠢᠨ ᠤᠯᠠᠭᠠᠨ ᠲᠤᠭ ᠳᠤᠮᠳᠠᠳᠤ ᠰᠤᠷᠭᠠᠭᠤᠯᠢ ᠶᠢᠨ ᠨᠣᠮ ᠤᠨ ᠰᠠᠩ ᠳᠤ 7000 ᠳᠡᠪᠲᠡᠷ ᠨᠣᠮ ᠪᠢᠴᠢᠭ ᠬᠠᠨᠳᠢᠪᠯᠠᠪᠠ᠂ ᠲᠣᠰ ᠤᠳᠠᠭᠠᠨ ᠤ ᠠᠵᠢᠯᠯᠠᠭ᠎ᠠ ᠳᠤ ᠬᠠᠨᠳᠢᠪᠯᠠᠭᠰᠠᠨ ᠨᠣᠮ ᠪᠢᠴᠢᠭ ᠤᠨ ᠬᠠᠮᠢᠶᠠᠷᠤᠯᠲᠠ ᠪᠠ ᠬᠡᠷᠡᠭᠯᠡᠯᠲᠡ ᠶᠢᠨ ᠪᠠᠶᠢᠳᠠᠯ ᠤᠨ ᠲᠤᠬᠠᠶ ᠬᠠᠷᠢᠭᠤ ᠰᠤᠷᠪᠤᠯᠵᠢᠯᠠᠭ᠎ᠠ ᠬᠢᠪᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号