10 ᠳ᠋ᠤᠭᠠᠷ ᠰᠠᠷ᠎ᠠ ᠶᠢᠨ 7 ᠤ ᠡᠳᠦᠷ᠂ ︽2023 ᠣᠨ ᠤ ᠥᠪᠡᠷᠲᠡᠭᠡᠨ ᠵᠠᠰᠠᠬᠤ ᠣᠷᠣᠨ ᠤ ᠣᠳᠣᠨ | ᠲᠠᠰ ᠤᠨ ᠬᠥᠳᠡᠭᠡ ᠲᠣᠰᠬᠤᠨ ︵ᠮᠠᠯᠵᠢᠬᠤ ᠣᠷᠣᠨ︶ ᠤ ᠵᠢᠭᠤᠯᠴᠢᠯᠠᠯ ᠤᠨ ᠭᠥᠯᠢᠶᠡᠨ ᠠᠪᠬᠤ ᠡᠷᠦᠬᠡ ᠶᠢᠨ ᠨᠡᠷᠡᠰ︾ | ᠢ ᠨᠡᠶᠢᠲᠡᠯᠡᠵᠦ᠂ ᠤᠯᠠᠭᠠᠨᠬᠠᠳᠠ ᠬᠤᠲᠠ ᠶᠢᠨ ᠨᠡᠶᠢᠲᠡ 7 ᠭᠥᠯᠢᠶᠡᠨ ᠠᠪᠬᠤ ᠡᠷᠦᠬᠡ ᠨᠡᠷᠡᠰ ᠤᠨ ᠵᠢᠭᠰᠠᠭᠠᠯᠲᠠ ᠳᠤ | ᠣᠷᠣᠪᠠ᠂ ᠡᠭᠦᠨ ᠳᠤ᠂ ᠰᠦᠩᠱᠠᠨ ᠲᠣᠭᠤᠷᠢᠭ ᠤᠨ ᠸᠠᠩ ᠤᠨ ᠣᠷᠳᠣᠨ ᠤ ᠵᠤᠰᠠᠯᠠᠩ ᠨᠢ ᠥᠪᠡᠷᠲᠡᠭᠡᠨ ᠵᠠᠰᠠᠬᠤ | ᠣᠷᠣᠨ ᠤ ᠭᠤᠷᠪᠠᠨ ᠣᠳᠣᠨ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠥᠯᠢᠶᠡᠨ ᠠᠪᠬᠤ ᠡᠷᠦᠬᠡ ᠪᠠᠷ | ᠦᠨᠡᠯᠡᠭᠳᠡᠪᠡ᠃ | ᠸᠠᠩ ᠤᠨ ᠣᠷᠳᠣᠨ ᠤ ᠵᠤᠰᠠᠯᠠᠩ ᠨᠢ ᠳ᠋ᠠᠩ ᠫᠦ᠋ ᠳ᠋ᠢ ᠶᠢᠨ ᠮᠠᠨᠵᠤ ᠦᠨᠳᠦᠰᠦᠲᠡᠨ ᠤ ᠰᠢᠶᠠᠩ ᠤᠨ ᠳ᠋ᠠᠩ ᠫᠦ᠋ ᠳ᠋ᠢ | ᠲᠣᠰᠬᠤᠨ ᠳᠤ ᠪᠠᠶᠢᠷᠢᠯᠠᠵᠤ᠂ ᠬᠤᠳᠠ ᠶᠢᠨ ᠲᠣᠭᠤᠷᠢᠭ ᠠᠴᠠ ᠪᠠᠷᠤᠭ 3 ᠺᠢᠯᠣᠮᠧᠲᠷ ᠵᠠᠶᠢᠲᠠᠢ᠂ ᠵᠠᠮ ᠬᠠᠷᠢᠯᠴᠠᠭ᠎ᠠ | ᠲᠦᠭᠦᠮ ᠪᠠᠶᠢᠳᠠᠭ᠃ ᠵᠤᠰᠠᠯᠠᠩ ᠤᠨ ᠶᠡᠷᠦᠩᠬᠡᠶ ᠲᠠᠯᠠᠪᠠᠶ ᠨᠢ 10 ᠭᠠᠷᠤᠶ ᠮᠥ ᠪᠠᠶᠢᠵᠤ᠂ ᠢᠳᠡᠭᠡᠨ ᠤᠮᠳᠠᠭᠠᠨ᠂ | ᠵᠢᠮᠢᠰ ᠨᠤᠭᠤᠭ᠎ᠠ ᠲᠡᠭᠦᠬᠦ᠂ ᠬᠡᠤᠬᠡᠳ ᠤᠨ ᠵᠤᠭ᠎ᠠ ᠴᠡᠩᠭᠡᠯ᠂ ᠬᠤᠪᠢᠰᠬᠠᠯ ᠤᠨ ᠰᠤᠳᠤᠯᠭᠠᠨ᠂ ᠪᠡᠶ᠎ᠡ ᠴᠢᠭᠢᠷᠠᠭᠵᠢᠯ | ᠰᠡᠯᠡᠭᠦᠴᠡᠯ ᠵᠡᠷᠭᠡ ᠴᠢᠳᠠᠮᠵᠢ ᠶᠢ ᠨᠢᠭᠡ ᠴᠣᠭᠴᠠ ᠪᠣᠯᠭᠠᠨ᠂ ᠭᠤᠤᠯᠳᠠᠭᠤ ᠰᠢᠷᠣᠶ ᠶᠢᠨ ᠤᠭᠤᠷᠭᠠᠶ ᠶᠢᠨ ᠰᠢᠷᠠᠭᠰᠠᠨ | ᠮᠢᠬ᠎ᠠ᠂ ᠮᠠᠨᠵᠤ ᠦᠨᠳᠦᠰᠦᠲᠡᠨ ᠤ ᠨᠠᠢᠮᠠᠨ ᠲᠣᠮᠣ ᠠᠶᠠᠭ᠎ᠠ᠂ ᠰᠢᠷᠠᠭᠰᠠᠨ ᠪᠦᠬᠦᠯᠢ ᠬᠤᠨᠢ᠂ ᠬᠦᠳᠡᠭᠡᠨ ᠤ ᠲᠠᠬᠢᠶᠠᠨ | ᠮᠢᠬ᠎ᠠ᠂ ᠬᠦᠳᠡᠭᠡᠨ ᠤ ᠲᠠᠬᠢᠶᠠᠨ ᠥᠨᠳᠡᠭᠡ᠂ ᠬᠡᠭᠡᠷ᠎ᠡ ᠶᠢᠨ ᠨᠣᠭᠤᠭ᠎ᠠ ᠵᠡᠷᠭᠡ ᠪᠠᠷ ᠭᠤᠤᠯ ᠮᠠᠲ᠋ᠧᠷᠢᠶᠠᠯ ᠪᠣᠯᠭᠠᠭᠰᠠᠨ | ᠤᠨᠴᠠᠯᠢᠭᠳᠤ ᠨᠣᠭᠤᠭ᠎ᠠ ᠶᠢ ᠡᠵᠡᠩᠨᠡᠳᠡᠭ᠃ | ᠤᠢᠢᠷ᠎ᠠ ᠶᠢᠨ ᠵᠢᠯ ᠠᠴᠠ᠂ ᠰᠦᠩᠱᠠᠨ ᠲᠣᠭᠤᠷᠢᠭ ᠵᠤᠭᠠᠴᠠᠯ ᠤᠨ ᠲᠦᠷᠦᠯ ᠲᠡᠮᠳᠡᠭ ᠢ ᠡᠭᠦᠳᠬᠦ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠳᠤᠨ ᠳᠡᠰ ᠤᠨ ᠬᠥᠳᠡᠭᠡ ᠲᠣᠰᠬᠤᠨ ︵ᠮᠠᠯᠵᠢᠬᠤ ᠣᠷᠣᠨ︶ ᠤ | ᠵᠤᠭᠠᠴᠠᠯ ᠤᠨ ᠬᠦᠯᠢᠶᠡᠨ ᠠᠪᠬᠤ ᠡᠷᠦᠬᠡ ᠶᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ᠵᠤᠭᠠᠴᠠᠯ ᠪᠣᠯᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠭᠤᠰᠤᠯᠴᠠᠭᠤᠯᠬᠤ ᠶᠢ ᠬᠦᠴᠦᠯᠡᠨ ᠠᠬᠢᠭᠤᠯᠪᠠ᠃ | ᠣᠳᠣᠬᠠᠨ ᠳᠤ᠂ ᠰᠦᠩᠱᠠᠨ ᠲᠣᠭᠤᠷᠢᠭ ᠲᠤ ᠥᠪᠡᠷᠲᠡᠭᠡᠨ ᠵᠠᠰᠠᠬᠤ ᠣᠷᠣᠨ ᠤ ᠣᠳᠣᠨ ᠲᠠᠰ ᠤᠨ ᠬᠥᠳᠡᠭᠡ | ᠲᠣᠰᠬᠤᠨ ᠤ ᠵᠢᠭᠤᠯᠴᠢᠯᠠᠯ ᠤᠨ ᠭᠥᠯᠢᠶᠡᠨ ᠠᠪᠬᠤ ᠡᠷᠦᠬᠡ ᠨᠡᠶᠢᠲᠡ 4 ᠪᠣᠶ᠂ ᠸᠠᠩ ᠤᠨ ᠣᠷᠳᠣᠨ ᠤ | ᠵᠤᠰᠠᠯᠠᠩ ᠠᠴᠠ ᠭᠠᠳᠠᠨ᠎ᠠ᠂ ᠳ᠋ᠦᠩ ᠬᠤᠩ ᠵᠤᠰᠠᠯᠠᠩ᠂ ᠵᠧᠨ ᠢᠦᠶ ᠵᠤᠰᠠᠯᠠᠩ᠂ ᠱᠧᠩ ᠷᠧᠨ ᠵᠤᠰᠠᠯᠠᠩ ᠨᠢ ᠲᠣᠰ | ᠲᠣᠰ ᠥᠪᠡᠷᠲᠡᠭᠡᠨ ᠵᠠᠰᠠᠬᠤ ᠣᠷᠣᠨ ᠤ ᠲᠠᠪᠤᠨ ᠣᠳᠣᠨ ᠲᠠᠰ᠂ ᠳᠥᠷᠪᠡᠨ ᠣᠳᠣᠨ ᠲᠠᠰ᠂ ᠭᠤᠷᠪᠠᠨ ᠣᠳᠣᠨ | ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠥᠯᠢᠶᠡᠨ ᠠᠪᠬᠤ ᠡᠷᠦᠬᠡ ᠪᠣᠯᠤᠨ᠎ᠠ᠃ ᠳᠠᠷᠠᠭ᠎ᠠ ᠠᠯᠬᠤᠮ ᠳᠤ᠂ | ᠰᠦᠩᠱᠠᠨ ᠲᠣᠭᠤᠷᠢᠭ ᠣᠳᠣᠨ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠥᠯᠢᠶᠡᠨ ᠠᠪᠬᠤ ᠡᠷᠦᠬᠡ ᠶᠢᠨ | ᠬᠠᠮᠢᠶᠠᠷᠤᠯᠲᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠦᠢᠯᠡᠴᠢᠯᠡᠭᠡ ᠪᠠᠨ ᠰᠠᠶᠢᠵᠢᠷᠠᠭᠤᠯᠤᠨ᠂ ᠴᠢᠨᠠᠷ | ᠴᠢᠨᠰᠠᠭ᠎ᠠ ᠪᠠᠨ ᠳᠡᠭᠡᠭᠰᠢᠯᠡᠭᠦᠯᠵᠦ᠂ ᠵᠢᠭᠤᠯᠴᠢᠯᠠᠭᠴᠢᠳ ᠤᠨ ᠣᠶᠢᠯᠠᠭᠠᠯᠲᠠ ᠪᠠ ᠬᠠᠨᠤᠮᠵᠢ ᠶᠢᠨ ᠬᠡᠮᠵᠢᠶ᠎ᠡ ᠶᠢ | ᠦᠷᠭᠦᠯᠵᠢᠯᠡᠨ ᠳᠡᠭᠡᠭᠰᠢᠯᠡᠭᠦᠯᠬᠦ ᠶᠢ ᠰᠢᠪᠠᠳᠠᠨ ᠱᠠᠭᠠᠷᠳᠠᠨ᠎ᠠ᠃ |