ᠤᠯᠠᠭᠠᠨᠬᠠᠳᠠ ᠰᠦᠩᠱᠠᠨ ᠵᠠᠬ᠎ᠠ ᠬᠢᠨᠠᠨ ᠲᠣᠷᠭᠠᠬᠤ ᠱᠠᠭᠠᠷᠳᠠᠬᠤ ﹇2023﹈ 008 ᠳ᠋ᠤᠭᠠᠷ ᠲᠣᠭᠠᠲᠤ | ᠤᠯᠠᠭᠠᠨᠬᠠᠳᠠ ᠶᠢᠨ ᠯᠢᠶᠠᠩ ᠤᠣ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠺᠣᠮᠫᠠᠨᠢ ᠳᠤ᠄ | ᠰᠦᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 2023 ᠣᠨ ᠤ | 6 ᠰᠠᠷ᠎ᠠ ᠶᠢᠨ 19 ᠤ ᠡᠳᠦᠷ ᠲᠠᠨ ᠤ ᠺᠣᠮᠫᠠᠨᠢ ᠳᠤ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠭᠠᠷᠭᠠᠪᠠ ︵︽ | ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠤᠨ ᠪᠢᠴᠢᠭ︾ ᠤᠯᠠᠭᠠᠨᠬᠠᠳᠠ ᠰᠦᠩᠱᠠᠨ ᠵᠠᠬ᠎ᠠ ᠬᠢᠨᠠᠨ ᠲᠣᠷᠭᠠᠬᠤ | ᠱᠠᠭᠠᠷᠳᠠᠬᠤ ﹇2023﹈ 008 ᠳ᠋ᠤᠭᠠᠷ ᠲᠣᠭᠠᠲᠤ︶᠃ ᠲᠠᠨ ᠤ ᠺᠣᠮᠫᠠᠨᠢ ᠬᠠᠤᠯᠢ ᠳᠤ ᠲᠣᠭᠲᠠᠭᠠᠭᠰᠠᠨ | ᠬᠤᠭᠤᠴᠠᠭᠠᠨ ᠳᠤ ᠲᠤᠰ ︽ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠤᠨ ᠪᠢᠴᠢᠭ︾ ᠲᠤ ᠲᠣᠭᠲᠠᠭᠠᠭᠰᠠᠨ | ᠳᠣᠣᠷᠠᠬᠢ ᠡᠭᠦᠷᠭᠡ ᠨᠦᠭᠦᠳ ᠢ ᠭᠦᠢᠴᠡᠳᠬᠡᠭᠰᠡᠨ ᠦᠭᠡᠢ᠄ 1.ᠠᠷᠠᠳ ᠤᠨ ᠵᠣᠭᠤᠰ ᠢᠶᠠᠷ ᠠᠷᠪᠠᠨ ᠲᠦᠮᠡᠨ ᠲᠥᠭᠦᠷᠢᠭ | ᠵᠣᠭᠤᠰ ᠢᠶᠠᠷ ᠲᠣᠷᠭᠠᠨ᠎ᠠ ︵100000.00 ᠲᠥᠭᠦᠷᠢᠭ︶︔ 2.ᠬᠤᠭᠤᠴᠠᠭ᠎ᠠ ᠬᠡᠲᠦᠷᠡᠲᠡᠯ᠎ᠡ ᠳᠡᠭᠡᠷ᠎ᠡ | ᠳᠤᠷᠠᠳᠤᠭᠰᠠᠨ ᠲᠣᠷᠭᠠᠭᠤᠯᠢ ᠶᠢᠨ ᠵᠣᠭᠤᠰ ᠢ ᠲᠤᠰᠢᠶᠠᠭᠰᠠᠨ ᠦᠭᠡᠢ ᠤᠴᠢᠷ ᠠᠴᠠ ᠬᠠᠤᠯᠢ ᠶᠣᠰᠣᠭᠠᠷ ᠨᠡᠮᠡᠵᠦ | ᠰᠢᠳᠬᠡᠭᠰᠡᠨ ᠠᠷᠠᠳ ᠤᠨ ᠵᠣᠭᠤᠰ ᠢᠶᠠᠷ ᠠᠷᠪᠠᠨ ᠲᠦᠮᠡᠨ ᠲᠥᠭᠦᠷᠢᠭ ᠵᠣᠭᠤᠰ ᠢᠶᠠᠷ ᠲᠣᠷᠭᠠᠨ᠎ᠠ ︵100000.00 | ᠲᠥᠭᠦᠷᠢᠭ︶᠃ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠬᠠᠤᠯᠢ︾ | ᠶᠢᠨ ᠲᠠᠪᠢᠨ ᠳᠥᠷᠪᠡᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ᠂ ᠲᠤᠰ ᠲᠣᠪᠴᠢᠶ᠎ᠠ ᠡᠳᠦᠭᠡ ᠲᠠᠨ ᠤ | ᠺᠣᠮᠫᠠᠨᠢ ᠳᠤ ᠲᠤᠰ ᠱᠠᠭᠠᠷᠳᠠᠨ ᠮᠡᠳᠡᠭᠳᠡᠬᠦ ᠪᠢᠴᠢᠭ ᠢ ᠣᠯᠤᠭᠰᠠᠨ ᠡᠳᠦᠷ ᠠᠴᠠ ᠡᠬᠢᠯᠡᠨ ᠠᠷᠪᠠᠨ ᠠᠵᠢᠯ ᠤᠨ | ᠡᠳᠦᠷ ᠤᠨ ᠳᠣᠲᠣᠷ᠎ᠠ ᠲᠤᠰ ︽ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠤᠨ ᠪᠢᠴᠢᠭ︾ ᠲᠤ ᠲᠣᠭᠲᠠᠭᠠᠭᠰᠠᠨ | ᠠᠷᠭ᠎ᠠ ᠬᠡᠯᠪᠡᠷᠢ ᠪᠠᠷ ᠳᠡᠭᠡᠷ᠎ᠡ ᠳᠤᠷᠠᠳᠤᠭᠰᠠᠨ ᠡᠭᠦᠷᠭᠡ ᠶᠢ ᠬᠠᠤᠯᠢ ᠶᠣᠰᠣᠭᠠᠷ ᠭᠦᠢᠴᠡᠳᠬᠡᠬᠦ ᠶᠢ ᠱᠠᠭᠠᠷᠳᠠᠨ | ᠮᠡᠳᠡᠭᠳᠡᠶ᠎ᠡ᠃ | ᠲᠣᠰ ᠱᠠᠭᠠᠷᠳᠠᠨ ᠮᠡᠳᠡᠭᠳᠡᠬᠦ ᠪᠢᠴᠢᠭ ᠢ ᠣᠯᠵᠤ ᠠᠪᠤᠭᠰᠠᠨ ᠤ ᠳᠠᠷᠠᠭ᠎ᠠ᠂ ᠲᠠᠨ ᠤ ᠺᠣᠮᠫᠠᠨᠢ ᠲᠣᠭᠠᠴᠢᠯᠲᠠ ᠬᠢᠬᠦ᠂ | ᠵᠥᠪᠲᠦᠭᠡᠨ ᠲᠣᠳᠣᠷᠬᠠᠶᠢᠯᠠᠬᠤ ᠡᠷᠬᠡ ᠲᠠᠢ᠃ ᠵᠦᠢ ᠶᠣᠰᠣᠨ ᠤ ᠰᠢᠯᠲᠠᠭᠠᠨ ᠦᠭᠡᠢ ᠪᠠᠷ ᠬᠤᠭᠤᠴᠠᠭ᠎ᠠ ᠬᠡᠲᠦᠷᠡᠲᠡᠯ᠎ᠡ | ᠳᠡᠭᠡᠷ᠎ᠡ ᠳᠤᠷᠠᠳᠤᠭᠰᠠᠨ ᠡᠭᠦᠷᠭᠡ ᠶᠢ ᠮᠥᠨ ᠯᠡ ᠭᠦᠢᠴᠡᠳᠬᠡᠬᠦ ᠦᠭᠡᠢ ᠪᠠᠶᠢᠪᠠᠯ᠂ ᠲᠤᠰ ᠲᠣᠪᠴᠢᠶ᠎ᠠ ᠠᠴᠠ ᠠᠯᠪᠠᠳᠠᠨ | ᠭᠦᠢᠴᠡᠳᠬᠡᠭᠦᠯᠬᠦ ᠪᠠᠷ ᠠᠷᠠᠳ ᠤᠨ ᠰᠢᠭᠦᠬᠦ ᠬᠤᠷᠢᠶᠠᠨ ᠳᠤ ᠬᠠᠤᠯᠢ ᠶᠣᠰᠣᠭᠠᠷ ᠭᠤᠶᠤᠴᠢᠯᠠᠯ ᠭᠠᠷᠭᠠᠨ᠎ᠠ᠃ | ᠬᠠᠷᠢᠯᠴᠠᠬᠤ ᠬᠥᠮᠦᠨ᠄ ᠦ᠋ ᠶᠠᠨ ᠰᠢᠨ᠂ ᠶᠣᠣ ᠰᠢᠶᠤᠤ ᠮᠧᠩ ᠬᠠᠷᠢᠯᠴᠠᠬᠤ ᠤᠲᠠᠰᠤ᠄ 0476 — | 8422110 | ᠬᠠᠷᠢᠯᠴᠠᠬᠤ ᠬᠠᠶ᠋ᠢᠭ᠄ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ | ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ | 2023 ᠣᠨ ᠤ 10 ᠰᠠᠷ᠎ᠠ ᠶᠢᠨ 8 ᠤ ᠡᠳᠦᠷ |